ᠪᠠᠭ᠎ᠠ ᠰᠢᠭᠡᠲᠡᠢ ᠪᠠᠯᠭᠠᠰᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠶᠢᠨ ᠪᠣᠯᠪᠠᠰᠤᠷᠠᠯ  ᠦᠷᠨᠢᠬᠦᠯᠪᠡ
ᠨᠡᠶᠢᠲᠡᠯᠡᠭᠰᠡᠨ ᠴᠠᠭ᠄
2024/7/4
    ᠣᠶᠢᠷ᠎ᠠ ᠶᠢᠨ ᠵᠢᠯ ᠠᠴᠠ ᠨᠠᠭᠠᠰᠢ᠂ ᠣᠷᠠᠳ ᠤᠨ ᠡᠮᠦᠨᠡᠲᠤ ᠬᠤᠰᠢᠭᠤᠨ ᠤ ᠪᠠᠭ᠎ᠠ ᠰᠢᠭᠡᠲᠡᠢ ᠪᠠᠯᠭᠠᠰᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ︽ᠲᠠᠯ᠎ᠠ ᠨᠤᠲᠤᠭ ᠤᠨ ᠨᠣᠮ ᠤᠨ ᠥᠷᠥᠭᠡ +︾  ᠢᠨᠵᠧᠨᠧᠷᠢᠩ ᠢ ᠬᠡᠷᠡᠭᠵᠢᠬᠦᠯᠦᠨ᠂ ᠲᠠᠯ᠎ᠠ ᠨᠤᠲᠤᠭ ᠤᠨ ᠨᠣᠮ ᠤᠨ ᠥᠷᠥᠭᠡ ᠬᠢᠭᠡᠳ ᠲᠣᠰᠬᠤᠨ ᠤ ᠠᠷᠠᠳ ᠤᠨ ᠵᠥᠪᠯᠡᠯ ᠤᠨ ᠠᠵᠢᠯᠯᠠᠭᠠᠨ ᠤ ᠲᠠᠰᠤᠭ ᠢ ᠠᠭᠤᠰᠣᠯᠴᠠᠭᠤᠯᠵᠣ᠂ ᠲᠥᠷᠥ ᠶᠢᠨ ᠪᠣᠳᠣᠯᠭ᠎ᠠ ᠶᠢᠨ ᠣᠨᠣᠯ ᠤᠨ ᠤᠬᠠᠭᠤᠯᠭ᠎ᠠ ᠶᠢᠨ ᠲᠠᠩᠬᠢᠮ᠂ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠭᠰᠡᠨ ᠴᠠᠬᠢᠯᠭᠠᠨ ᠴᠡᠨᠡᠭᠯᠡᠬᠦ ᠲᠠᠩᠬᠢᠮ᠂ ᠪᠣᠳᠠᠰ ᠤᠨ ᠪᠤᠰᠤ ᠰᠣᠶᠣᠯ ᠤᠨ ᠦᠵᠡᠭᠦᠯᠦᠯᠭᠡ ᠶᠢᠨ ᠲᠣᠭᠯᠠᠯᠲᠠ ᠶᠢᠨ ᠲᠠᠩᠬᠢᠮ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠰᠤᠷᠭᠠᠭᠤᠯᠢ ᠶᠢᠨ ᠭᠠᠳᠠᠨᠠᠬᠢ ᠬᠢᠴᠢᠶᠡᠯ ᠤᠨ ᠲᠠᠩᠬᠢᠮ ᠪᠣᠯᠭᠠᠪᠠ᠃ ᠲᠠᠯ᠎ᠠ ᠨᠤᠲᠤᠭ ᠤᠨ ᠨᠣᠮ ᠤᠨ ᠥᠷᠥᠭᠡ ᠶᠢᠨ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠳᠦᠷᠢᠮᠵᠢᠭᠦᠯᠦᠨ ᠬᠠᠮᠢᠶᠠᠷᠬᠤ ᠶᠢ ᠲᠦᠷᠭᠡᠳᠭᠡᠬᠦ ᠶᠢᠨ ᠲᠦᠯᠦᠭᠡ  ᠣᠶᠢᠷ᠎ᠠ ᠳᠤ᠂ ᠲᠣᠰ ᠪᠠᠯᠭᠠᠰᠤᠨ ᠠᠴᠠ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠤᠨ ᠬᠠᠷᠢᠭᠤᠴᠠᠯᠭᠠᠲᠠᠨ ᠢ ᠣᠷᠢᠵᠤ ᠡᠯ᠎ᠡ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠳᠤ  ᠪᠣᠯᠪᠠᠰᠤᠷᠠᠯ ᠥᠷᠨᠢᠭᠦᠯᠪᠡ᠃    ᠪᠣᠯᠪᠠᠰᠤᠷᠠᠯ ᠳᠤ᠂ ︽ᠠᠷᠠᠳ ᠣᠯᠠᠨ ᠤ ᠵᠠᠬᠢᠶᠠᠯᠠᠭ᠎ᠠ ᠶᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠷᠤ ᠲᠠᠪᠴᠠᠩ︾᠂ ︽ᠲᠠᠯ᠎ᠠ ᠨᠤᠲᠤᠭ ᠤᠨ ᠨᠣᠮ ᠤᠨ ᠥᠷᠥᠭᠡ ᠠᠴᠠ ᠵᠢᠭᠡᠯᠡᠨ ᠤᠩᠰᠢᠬᠤ +︾ ᠠᠵᠢᠯᠯᠠᠭ᠎ᠠ ᠪᠠ ᠬᠡᠷᠡᠭᠯᠡᠯᠲᠡ ᠶᠢᠨ ᠲᠣᠭᠤᠷᠢᠨ ᠳᠤ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠳᠠᠩᠰᠠᠯᠠᠬᠤ᠂ ᠲᠥᠷᠥᠯ ᠬᠤᠪᠢᠶᠠᠬᠤ᠂ ᠭᠠᠷᠴᠠᠭᠯᠠᠬᠤ᠂ ᠵᠢᠶᠠᠰᠠᠨ ᠳᠤ ᠭᠠᠷᠭᠠᠬᠤ ᠪᠠ ᠵᠢᠭᠡᠯᠡᠨ ᠤᠩᠰᠢᠬᠤ ᠶᠢ ᠳᠡᠩᠰᠡᠯᠡᠨ ᠬᠠᠮᠢᠶᠠᠷᠬᠤ ᠵᠡᠷᠭᠡ ᠠᠵᠢᠯ ᠤᠨ ᠴᠤᠪᠤᠷᠠᠯ ᠳᠤ ᠭᠦᠨᠵᠡᠭᠡᠶ ᠲᠠᠶᠢᠯᠤᠮᠵᠢ ᠬᠢᠭᠰᠡᠨ ᠪᠥᠭᠡᠳ ︽ᠲᠠᠯ᠎ᠠ ᠨᠤᠲᠤᠭ ᠤᠨ ᠨᠣᠮ ᠤᠨ ᠥᠷᠥᠭᠡ︾ ᠶᠢ ᠬᠡᠷᠬᠢᠨ ᠰᠠᠶᠢᠲᠤᠷ ᠬᠡᠷᠡᠭᠯᠡᠬᠦ ᠪᠠ ᠨᠠᠮ ᠪᠠ ᠣᠯᠠᠨ ᠲᠦᠮᠡᠨ ᠤ ᠦᠢᠯᠡᠴᠢᠯᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠠᠵᠢᠯ ᠢ ᠬᠠᠷᠢᠯᠴᠠᠨ ᠠᠭᠤᠰᠣᠯᠴᠠᠭᠤᠯᠬᠤ᠂ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠰᠠᠶᠢᠲᠤᠷ ᠦᠷᠨᠢᠬᠦᠯᠬᠦ ᠲᠣᠬᠠᠢ  ᠲᠠᠶᠢᠯᠤᠮᠵᠢ  ᠬᠢᠭᠰᠡᠨ ᠪᠠᠶᠢᠨ᠎ᠠ᠃   ᠲᠣᠰ ᠣᠳᠠᠭᠠᠨ ᠤ ᠪᠣᠯᠪᠠᠰᠤᠷᠠᠯ ᠢᠶᠠᠷ ᠲᠠᠮᠵᠢᠨ᠂ ᠬᠠᠮᠢᠶᠠᠷᠤᠭᠴᠢ ᠶᠢᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃                                                                   ᠴᠠᠶᠢᠨ᠎ᠠ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ