ᠶᠡᠭᠡ ᠰᠢᠭᠡᠲᠡᠢ ᠪᠠᠯᠭᠠᠰᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠮᠡᠳᠡᠯᠭᠡ ᠶᠢᠨ ᠰᠢᠯᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/5
     ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ  ᠵᠥᠪ ᠣᠨᠣᠪᠴᠢᠲᠠᠢ᠂ ᠪᠦᠬᠦ ᠲᠠᠯ᠎ᠠ ᠪᠠᠷ ᠡᠵᠡᠮᠰᠢᠨ᠂ ᠺᠠᠳ᠋ᠷ ᠠᠵᠢᠯᠲᠠᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠨᠤᠯ ᠤᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂  ᠣᠶᠢᠷ᠎ᠠ ᠶᠢᠨ ᠡᠳᠦᠷ᠂ ᠣᠷᠠᠳ ᠤᠨ ᠡᠮᠦᠨᠡᠲᠤ  ᠬᠤᠰᠢᠭᠤᠨ ᠤ ᠶᠡᠭᠡ ᠰᠢᠭᠡᠲᠡᠢ ᠪᠠᠯᠭᠠᠰᠤᠨ ᠤ ᠤᠳᠤᠷᠢᠳᠬᠤ ᠺᠠᠳ᠋ᠷ᠂ ᠡᠯ᠎ᠡ ᠲᠣᠰᠬᠤᠨ ᠤ ᠱᠦᠵᠢ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠵᠣᠬᠢᠶᠠᠨ ᠪᠠᠶᠢᠭᠤᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠮᠡᠳᠡᠯᠭᠡ ᠶᠢᠨ ᠰᠢᠯᠭᠠᠯᠲᠠ ᠥᠷᠨᠢᠭᠦᠯᠪᠡ᠃     ᠲᠣᠰ ᠤᠳᠠᠭᠠᠨ ᠤ ᠰᠢᠯᠭᠠᠯᠲᠠ ᠨᠢ ᠭᠤᠤᠯᠳᠠᠭᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠵᠡᠷᠭᠡ  ᠬᠤᠯᠪᠣᠭᠳᠠᠯ ᠪᠥᠬᠦᠶ ᠠᠭᠤᠯᠭ᠎ᠠ ᠶᠢ ᠡᠵᠡᠮᠰᠢᠭᠰᠡᠨ ᠪᠠᠶᠢᠳᠠᠯ ᠳᠤ ᠲᠤᠰᠬᠠᠶ ᠰᠡᠳᠦᠪᠲᠦ ᠰᠢᠯᠭᠠᠯᠲᠠ ᠬᠢᠪᠡ᠃ ᠣᠨᠣᠯ ᠤᠨ ᠰᠢᠯᠭᠠᠯᠲᠠ ᠪᠠᠷ ᠳᠠᠮᠵᠢᠭᠤᠯᠤᠨ᠂ ᠤᠳᠤᠷᠢᠳᠬᠤ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠰᠤᠷᠤᠯᠴᠠᠬᠤ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ ᠣᠨᠣᠯ ᠢ ᠳᠠᠭᠠᠵᠤ ᠰᠤᠷᠤᠯᠴᠠᠬᠤ ᠲᠤᠯᠭᠠᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠶ ᠣᠷᠣᠯᠴᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ︽ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ᠂ ᠰᠢᠯᠭᠠᠯᠲᠠ ᠪᠠᠷ ᠣᠶᠢᠯᠠᠭᠠᠬᠤ ᠶᠢ ᠠᠬᠢᠭᠤᠯᠬᠤ᠂ ᠰᠢᠯᠭᠠᠯᠲᠠ ᠪᠠᠷ ᠬᠢᠬᠦ ᠶᠢ ᠠᠬᠢᠭᠤᠯᠬᠤ︾ ᠵᠣᠷᠢᠯᠭ᠎ᠠ ᠶᠢ ᠢᠯᠡᠷᠡᠭᠦᠯᠪᠡ᠃     ᠳᠠᠷᠠᠭᠠᠴᠢ ᠶᠢᠨ ᠠᠯᠬᠤᠮ ᠳᠤ᠂ ᠶᠡᠭᠡ ᠰᠢᠭᠡᠲᠡᠢ ᠪᠠᠯᠭᠠᠰᠤ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠪᠣᠯᠤᠨ᠎ᠠ᠃                                                ᠴᠠᠶᠢᠨ᠎ᠠ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ