ᠮᠠᠯᠴᠢᠨ ᠲᠠᠷᠢᠶᠠᠴᠢᠳ ᠤᠨ ᠮᠡᠳᠡᠪᠡᠰᠦ ᠵᠣᠬᠢᠰᠲᠠᠢ ᠭᠠᠵᠠᠷ ᠰᠢᠷᠤᠢ ᠶᠢᠨ ᠲᠤᠬᠠᠢ ᠬᠠᠤᠯᠢ ᠶᠢᠨ ᠮᠡᠳᠡᠯᠭᠡ
ᠨᠡᠶᠢᠲᠡᠯᠡᠭᠰᠡᠨ ᠴᠠᠭ᠄
2024/7/5
     ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ     ︽ᠥᠨᠳᠥᠰᠤᠨ ᠬᠠᠤᠯᠢ︾ ᠳᠤ : ᠬᠥᠳᠡᠭᠡ ᠲᠤᠰᠬᠤᠨ ᠪᠤᠯᠤᠨ ᠬᠤᠲᠠ ᠶᠢᠨ ᠲᠡᠭᠦᠷᠭᠡ ᠶᠢᠨ ᠭᠠᠵᠠᠷ ᠰᠢᠷᠤᠢ ᠶᠢ ᠬᠠᠤᠯᠢ ᠴᠠᠭᠠᠵᠠ ᠪᠠᠷ ᠤᠯᠤᠰ ᠠᠴᠠ ᠥᠮᠴᠢᠯᠡᠨ᠎ᠡ ᠭᠡᠵᠤ ᠲᠤᠭᠲᠠᠭᠠᠰᠠᠨ ᠠᠴᠠ ᠭᠠᠳᠠᠨ᠎ᠠ᠂ ᠪᠤᠰᠤᠳ ᠨᠢ ᠬᠠᠮᠲᠥ ᠨᠡᠶᠢᠲᠡ ᠳᠤ ᠥᠮᠴᠢᠯᠡᠭᠳᠡᠨ᠎ᠡ ; ᠤᠷᠤᠨ ᠰᠠᠭᠤᠴᠠ ᠶᠢᠨ ᠭᠠᠵᠠᠷ᠂ ᠬᠤᠪᠢᠨ ᠳᠠᠭᠠᠨ ᠥᠯᠡᠳᠡᠭᠡᠭᠰᠡᠨ ᠲᠠᠷᠢᠶ᠎ᠠ᠂ ᠬᠤᠪᠢᠨ ᠳᠠᠭᠠᠨ ᠥᠯᠡᠳᠡᠭᠡᠭᠰᠡᠨ ᠠᠭᠤᠯᠨ ᠨᠢ ᠮᠥᠨ ᠬᠠᠮᠲᠥ ᠨᠡᠶᠢᠲᠡ ᠳᠤ ᠥᠮᠴᠢᠯᠡᠭᠳᠡᠨ᠎ᠡ᠃ ᠤᠯᠤᠰ ᠠᠴᠠ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠤ ᠲᠥᠯᠥᠭᠡ᠂ ᠬᠠᠤᠯᠢ ᠴᠠᠭᠠᠵᠠ ᠶᠢᠨ ᠲᠤᠭᠲᠠᠭᠠᠯ ᠶᠤᠰᠤᠭᠠᠷ ᠭᠠᠵᠠᠷ ᠲᠠᠷᠢᠶ᠎ᠠ ᠲᠠᠲᠠᠪᠥᠷᠢᠯᠠᠨ ᠬᠡᠷᠡᠭᠯᠡᠵᠤ ᠪᠤᠯᠤᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠭᠡᠳ ᠭᠠᠵᠠᠷ ᠲᠠᠷᠢᠶ᠎ᠠ ᠶᠢ ᠡᠵᠡᠯᠡᠵᠥ᠂ ᠠᠷᠠᠯᠵᠢᠶᠠᠯᠠᠵᠥ᠂ ᠡᠰᠡᠭᠦᠯ᠎ᠡ ᠪᠤᠰᠤᠳ ᠬᠡᠯᠪᠡᠷᠢ ᠪᠠᠷ ᠬᠠᠤᠯᠢ ᠪᠤᠰᠥ ᠪᠠᠷ ᠰᠢᠯᠵᠢᠭᠦᠯᠤᠨ ᠥᠭᠴᠥ ᠪᠤᠯᠬᠤ ᠥᠭᠡᠢ᠃ ᠭᠠᠵᠠᠷ ᠰᠢᠷᠤᠢ ᠬᠡᠷᠡᠭᠯᠡᠬᠦ ᠡᠷᠬᠡ ᠶᠢ ᠬᠠᠤᠯᠢ ᠴᠠᠭᠠᠵᠠ ᠶᠢᠨ ᠲᠤᠭᠲᠠᠭᠠᠯ ᠶᠤᠰᠤᠭᠠᠷ ᠰᠢᠯᠵᠢᠭᠦᠯᠤᠨ ᠥᠭᠴᠥ ᠪᠤᠯᠤᠨ᠎ᠠ᠃ ᠭᠠᠵᠠᠷ ᠰᠢᠷᠤᠢ ᠬᠡᠷᠡᠭᠯᠡᠵᠥ ᠪᠥᠬᠦᠢ ᠵᠤᠬᠢᠶᠠᠨ ᠪᠠᠶᠢᠭᠤᠯᠤᠯᠲᠠ ᠪᠤᠯᠤᠨ ᠬᠤᠪᠢ ᠬᠥᠮᠥᠨ ᠪᠥᠷ ᠭᠠᠵᠠᠷ ᠰᠢᠷᠤᠢ ᠶᠢ ᠵᠤᠬᠢᠰᠲᠠᠢ ᠪᠠᠷ ᠠᠰᠢᠭᠯᠠᠬᠤ ᠬᠡᠷᠡᠭᠲᠠᠢ᠃ ᠬᠠᠮᠲᠥ ᠶᠢᠨ ᠠᠵᠥ ᠠᠬᠤᠢ ᠶᠢᠨ ᠵᠤᠬᠢᠶᠠᠨ ᠪᠠᠶᠢᠭᠤᠯᠤᠯᠲᠠ ᠳᠤ ᠤᠷᠤᠯᠴᠠᠭᠰᠠᠨ ᠬᠥᠲᠡᠯᠮᠥᠷᠢᠴᠢᠳ ᠬᠠᠤᠯᠢ ᠴᠠᠭᠠᠵᠠ ᠪᠠᠷ ᠲᠤᠭᠲᠠᠭᠠᠭᠰᠠᠨ ᠬᠡᠪᠴᠢᠶᠡᠨ ᠲᠤᠲᠤᠷ᠎ᠠ ᠬᠤᠪᠢᠨ ᠳᠠᠭᠠᠨ ᠥᠯᠡᠳᠡᠭᠡᠭᠰᠡᠨ ᠲᠠᠷᠢᠶ᠎ᠠ᠂ ᠬᠤᠪᠢᠨ ᠳᠠᠭᠠᠨ ᠥᠯᠡᠳᠡᠭᠡᠭᠰᠡᠨ ᠠᠭᠤᠯᠨ ᠪᠠᠨ ᠡᠵᠡᠩᠨᠡᠬᠦ ᠡᠷᠬᠡ ᠲᠠᠢ᠃      ᠶᠠᠭᠤ ᠶᠢ ᠭᠠᠵᠠᠷ ᠰᠢᠷᠤᠢ ᠶᠢᠨ ᠥᠮᠴᠢᠯᠡᠯ ᠭᠡᠬᠦ ᠪᠤᠢ     ᠭᠠᠵᠠᠷ ᠰᠢᠷᠤᠢ ᠶᠢᠨ ᠥᠮᠴᠢᠯᠡᠯ ᠭᠡᠳᠡᠭ ᠢ ᠵᠤᠬᠢᠬᠤ ᠨᠡᠶᠢᠭᠡᠮ ᠤᠨ ᠤᠶᠢᠯᠡᠳᠪᠥᠷᠢᠯᠡᠯ ᠤᠨ ᠨᠥᠭᠦᠴᠡᠯ ᠲᠤᠤᠷ᠎ᠠ ᠤᠯᠤᠰ ᠠᠴᠠ ᠮᠡᠳᠡᠷᠡᠭᠰᠡᠨ ᠭᠠᠵᠠᠷ ᠰᠢᠷᠤᠢ ᠶᠢᠨ ᠥᠮᠴᠢᠯᠡᠯ ᠤᠨ ᠡᠷᠬᠡ ᠶᠢᠨ ᠬᠠᠷᠢᠶᠠᠯᠠᠯᠲᠠ ᠶᠢᠨ ᠲᠥᠷᠢᠮ ᠢ ᠵᠢᠭᠠᠵᠤ ᠪᠠᠶᠢᠨ᠎ᠠ᠃ ᠭᠠᠵᠠᠷ ᠰᠢᠷᠤᠢ ᠶᠢᠨ ᠥᠮᠴᠢᠯᠡᠯ ᠪᠤᠯ ᠤᠶᠢᠯᠡᠳᠪᠥᠷᠢᠯᠡᠯ ᠤᠨ ᠬᠡᠷᠡᠭᠰᠡᠯ ᠤᠨ ᠥᠮᠴᠢᠯᠡᠯ ᠤᠨ ᠴᠢᠬᠤᠯᠨ ᠪᠥᠷᠢᠳᠤᠭᠦᠨ ᠬᠡᠰᠡᠭ ᠮᠥᠨ᠂ ᠭᠠᠵᠠᠷ ᠰᠢᠷᠤᠢ ᠶᠢᠨ ᠲᠥᠷᠢᠮ ᠤᠨ ᠭᠤᠤᠯᠳᠠᠯᠭ᠎ᠠ ᠪᠠ ᠰᠠᠭᠤᠷᠢ ᠮᠥᠨ᠃ ᠮᠠᠨ ᠤ ᠤᠯᠤᠰ ᠭᠠᠵᠠᠷ ᠰᠢᠷᠤᠢ ᠶᠢᠨ ᠨᠡᠶᠢᠭᠡᠮ ᠵᠢᠷᠤᠮ ᠤᠨ ᠨᠡᠶᠢᠲᠡ ᠶᠢᠨ ᠥᠮᠴᠢᠯᠡᠯ ᠢ ᠬᠡᠷᠡᠭᠵᠢᠭᠦᠯᠵᠤ ᠪᠠᠶᠢᠨ᠎ᠠ᠃ ᠥᠭᠡᠷ᠎ᠡ ᠪᠠᠷ ᠬᠡᠯᠡᠪᠡᠯ᠂ ᠠᠷᠠᠳ ᠨᠡᠶᠢᠲᠡ ᠶᠢᠨ ᠥᠮᠴᠢᠯᠡᠯ ᠪᠠ ᠬᠥᠳᠡᠯᠮᠥᠷᠢᠴᠢᠨ ᠲᠥᠮᠡᠨ ᠤ ᠬᠠᠮᠲᠥ ᠶᠢᠨ ᠥᠮᠴᠢᠯᠡᠯ ᠢ ᠬᠡᠷᠡᠭᠵᠢᠭᠦᠯᠵᠤ ᠪᠠᠶᠢᠨ᠎ᠠ᠃      ᠭᠠᠵᠠᠷ ᠰᠢᠷᠤᠢ ᠲᠠᠲᠠᠪᠥᠷᠢᠯᠠᠨ ᠬᠡᠷᠡᠭᠯᠡᠬᠦ     ᠭᠠᠵᠠᠷ ᠰᠢᠷᠤᠢ ᠲᠠᠲᠠᠪᠥᠷᠢᠯᠠᠨ ᠬᠡᠷᠡᠭᠯᠡᠬᠦ ᠭᠡᠳᠡᠭ ᠨᠢ᠂ ᠤᠯᠤᠰ ᠠᠴᠠ ᠨᠡᠶᠢᠭᠡᠮ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠥᠯᠥᠭᠡ ᠬᠠᠤᠯᠢ ᠳᠤ ᠲᠤᠭᠲᠠᠭᠰᠠᠨ ᠵᠢᠷᠥᠮ ᠪᠤᠯᠤᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠤᠰᠤᠭᠠᠷ ᠵᠥᠪᠰᠢᠶᠡᠷᠡᠵᠥ᠂ ᠲᠡᠷᠡᠴᠢᠯᠡᠨ ᠬᠥᠳᠡᠭᠡ ᠲᠤᠰᠬᠤᠨ ᠤ ᠬᠠᠮᠲᠥ ᠶᠢᠨ ᠠᠵᠥ ᠠᠬᠤᠢ ᠶᠢᠨ ᠵᠤᠬᠢᠶᠠᠨ ᠪᠠᠶᠢᠭᠤᠯᠤᠯᠲᠠ ᠵᠢᠴᠢ ᠲᠠᠷᠢᠶᠠᠴᠢᠳ ᠲᠤ ᠬᠠᠤᠯᠢ ᠶᠤᠰᠤᠭᠠᠷ ᠲᠥᠯᠥᠪᠥᠷᠢ ᠥᠭᠭᠦᠭᠰᠡᠨ ᠤ ᠬᠤᠶᠢᠨ᠎ᠠ ᠲᠠᠷᠢᠶᠠᠴᠢᠳ ᠤᠨ ᠬᠠᠮᠲᠥ ᠪᠠᠷ ᠥᠮᠴᠢᠯᠡᠭᠰᠡᠨ ᠭᠠᠵᠠᠷ ᠰᠢᠷᠤᠢ ᠶᠢ ᠤᠯᠤᠰ ᠤᠨ ᠥᠮᠴᠢᠯᠡᠯᠲᠥ ᠭᠠᠵᠠᠷ ᠰᠢᠷᠤᠢ ᠪᠤᠯᠭᠠᠬᠤ ᠠᠵᠢᠯᠯᠠᠭ᠎ᠠ ᠶᠢ ᠵᠢᠭᠠᠵᠥ ᠪᠠᠶᠢᠨ᠎ᠠ᠃      ᠭᠠᠵᠠᠷ ᠲᠠᠷᠢᠶ᠎ᠠ ᠶᠢᠨ ᠨᠥᠬᠦᠪᠤᠷᠢ ᠮᠥᠩᠭᠦ ᠭᠠᠵᠠᠷ ᠲᠠᠷᠢᠶ᠎ᠠ ᠶᠢᠨ ᠨᠥᠬᠦᠪᠥᠷᠢ ᠮᠥᠩᠭᠦ ᠭᠡᠳᠡᠭ ᠨᠢ᠂ ᠤᠯᠤᠰ ᠠᠴᠠ ᠭᠠᠵᠠᠷ ᠰᠢᠷᠤᠢ ᠲᠠᠲᠠᠪᠥᠷᠢᠯᠠᠨ ᠬᠡᠷᠡᠭᠯᠡᠭᠰᠡᠨ ᠠᠴᠠ ᠪᠤᠯᠵᠥ ᠭᠠᠵᠠᠷ ᠰᠢᠷᠤᠢ ᠥᠮᠴᠢᠯᠡᠭᠴᠢ ᠪᠤᠯᠤᠨ ᠭᠠᠵᠠᠷ ᠰᠢᠷᠤᠢ ᠬᠡᠷᠡᠭᠯᠡᠭᠴᠢ ᠶᠢᠨ ᠭᠠᠵᠠᠷ ᠲᠠᠷᠢᠶ᠎ᠠ ᠳᠠᠭᠠᠨ ᠤᠷᠤᠭᠤᠯᠤᠭᠰᠠᠨ ᠪᠡᠯᠨ ᠮᠥᠩᠭᠦ ᠪᠠ ᠤᠯᠤᠭᠰᠠᠨ ᠠᠰᠢᠭ ᠲᠤ ᠤᠴᠠᠷᠠᠭᠤᠯᠤᠭᠰᠠᠨ ᠬᠤᠬᠢᠷᠠᠯ ᠳᠤ ᠥᠭᠭᠦ ᠨᠥᠬᠦᠪᠤᠷᠢ ᠶᠢ ᠵᠢᠭᠠᠵᠤ ᠪᠠᠶᠢᠨ᠎ᠠ᠃      ᠲᠥᠪᠬᠢᠨᠡᠭᠦᠯᠬᠦ ᠨᠥᠬᠦᠪᠥᠷᠢ ᠮᠥᠩᠭᠦ      ᠲᠥᠪᠬᠢᠨᠡᠭᠦᠯᠬᠦ ᠨᠥᠬᠦᠪᠥᠷᠢ ᠮᠥᠩᠭᠦ ᠭᠡᠳᠡᠭ ᠨᠢ ᠭᠠᠵᠠᠷ ᠲᠠᠷᠢᠶ᠎ᠠ ᠪᠠᠷ ᠭᠤᠤᠯ ᠤᠶᠢᠯᠡᠳᠪᠥᠷᠢᠯᠡᠯ ᠤᠨ ᠬᠡᠷᠡᠭᠰᠡᠯ ᠪᠤᠯᠭᠠᠵᠤ ᠪᠠᠶᠢᠬᠤ ᠮᠥᠷᠲᠡᠭᠡᠨ ᠠᠮᠢᠳᠤᠷᠠᠯ ᠤᠨ ᠢᠷᠡᠯᠲᠡ ᠪᠤᠯᠭᠠᠵᠥ ᠪᠠᠶᠢᠭ᠎ᠠ ᠲᠠᠷᠢᠶᠠᠯᠠᠩ ᠤᠨ ᠬᠥᠮᠥᠨ ᠠᠮᠨ ᠶᠢᠨ ᠠᠮᠢᠳᠤᠷᠠᠯ ᠢ ᠲᠥᠪᠬᠢᠨᠡᠭᠦᠯᠬᠦ ᠶᠢᠨ ᠲᠥᠯᠥᠭᠡ ᠤᠯᠤᠰ ᠠᠴᠠ ᠥᠭᠭᠦᠭᠰᠡᠨ ᠨᠥᠬᠦᠪᠥᠷᠢ ᠮᠥᠩᠭᠦ ᠶᠢ ᠵᠢᠭᠠᠵᠤ ᠪᠠᠶᠢᠨ᠎ᠠ᠃      ᠭᠠᠵᠠᠷ ᠰᠢᠷᠤᠢ ᠶᠢ ᠬᠠᠮᠠᠭᠠᠯᠠᠬᠤ ᠲᠠᠯ᠎ᠠ ᠪᠠᠷ ᠬᠢ ᠪᠠᠶᠢᠭᠤᠯᠭ᠎ᠠ ᠨᠢᠭᠡᠴᠢ ᠪᠤᠯᠤᠨ ᠬᠤᠪᠢ ᠬᠥᠮᠥᠨ ᠤ ᠡᠷᠬᠡ ᠪᠠ ᠡᠭᠦᠷᠭᠡ      ︽ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ︾ ᠳᠤ : ᠶᠠᠮᠠᠷᠪᠠ ᠪᠠᠶᠢᠭᠤᠯᠭ᠎ᠠ ᠨᠢᠭᠡᠴᠡ ᠪᠤᠶᠤ ᠬᠤᠪᠢ ᠬᠥᠮᠥᠨ ᠭᠡᠳ ᠪᠥᠷ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠥᠷᠢᠮ ᠢ ᠵᠢᠷᠤᠮᠯᠡᠨ ᠰᠠᠬᠢᠬᠤ ᠡᠭᠦᠷᠭᠡ ᠲᠠᠢ ᠪᠥᠭᠡᠳ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠥᠷᠢᠮ ᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠪᠠ ᠵᠠᠭᠠᠯᠳᠤᠬᠤ ᠡᠷᠬᠡ ᠲᠠᠢ᠃ ᠭᠠᠵᠠᠷ ᠰᠢᠷᠤᠢ ᠶᠢᠨ ᠡᠬᠡ ᠪᠠᠶᠠᠯᠢᠭ ᠢ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ᠂ ᠭᠠᠵᠠᠷ ᠰᠢᠷᠤᠢ ᠶᠢ ᠵᠤᠬᠢᠰᠲᠠᠢ ᠠᠰᠢᠭᠯᠠᠬᠤ ᠵᠢᠴᠢ ᠬᠠᠮᠢᠶ᠎ᠠ ᠪᠥᠬᠦᠢ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠵᠡᠷᠭᠡ ᠲᠠᠯ᠎ᠠ ᠪᠠᠷ ᠲᠤᠪᠤᠶᠢᠮ᠎ᠠ ᠠᠮᠵᠢᠯᠲᠠ ᠪᠥᠲᠤᠮᠵᠢ ᠲᠠᠢ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠢ ᠠᠷᠠᠳ ᠤᠨ ᠵᠠᠰᠠᠭ ᠤᠨ ᠤᠷᠳᠤᠨ ᠠᠴᠠ ᠬᠥᠬᠢᠭᠦᠯᠤᠨ ᠱᠠᠩᠨᠠᠨ᠎ᠠ᠃       ᠲᠠᠷᠢᠶᠠᠴᠢᠳ ᠤᠨ ᠬᠠᠮᠲᠥ ᠪᠠᠷ ᠥᠮᠴᠢᠯᠡᠬᠦ ᠭᠠᠵᠠᠷ ᠰᠢᠷᠤᠢ ᠭᠡᠳᠡᠭ ᠨᠢ ᠶᠠᠭᠤ ᠪᠤᠢ︖       ᠲᠠᠷᠢᠶᠠᠴᠢᠳ ᠤᠨ ᠬᠠᠮᠲᠥ ᠪᠠᠷ ᠥᠮᠴᠢᠯᠡᠬᠦ ᠭᠠᠵᠠᠷ ᠰᠢᠷᠤᠢ ᠭᠡᠳᠡᠭ ᠨᠢ᠂ ᠭᠠᠵᠠᠷ ᠰᠢᠷᠤᠢ ᠶᠢᠨ ᠥᠮᠴᠢᠯᠡᠬᠦ ᠡᠷᠬᠡ ᠨᠢ ᠬᠥᠳᠡᠯᠮᠥᠷᠢᠴᠢᠨ ᠲᠥᠮᠡᠨ ᠤ ᠬᠠᠮᠲᠥ ᠪᠠᠷ ᠥᠮᠴᠢᠯᠡᠬᠦ ᠳᠤ ᠬᠠᠷᠢᠶᠠᠯᠠᠭᠲᠠᠬᠤ ᠭᠠᠵᠠᠷ ᠰᠢᠷᠤᠢ ᠶᠢ ᠵᠢᠭᠠᠵᠤ ᠪᠤᠢ᠃ ᠮᠠᠨ ᠤ ᠤᠯᠤᠰ ᠤᠨ ᠬᠥᠳᠡᠭᠡ ᠲᠤᠰᠬᠤᠨ ᠪᠤᠯᠤᠨ ᠬᠤᠲᠠ ᠶᠢᠨ ᠲᠠᠭᠦᠷᠭᠡ ᠶᠢᠨ ᠭᠠᠵᠠᠷ ᠰᠢᠷᠤᠢ ᠶᠢ ᠬᠠᠤᠯᠢ ᠴᠠᠭᠠᠵᠠ ᠪᠠᠷ ᠤᠯᠤᠰ ᠠᠴᠠ ᠥᠮᠴᠢᠯᠡᠨ᠎ᠡ ᠭᠡᠵᠥ ᠲᠤᠭᠲᠠᠭᠠᠭᠰᠠᠨ ᠠᠴᠠ ᠭᠠᠲᠠᠨ᠎ᠠ ᠪᠤᠰᠤᠳ ᠨᠢ ᠲᠠᠷᠢᠶᠠᠴᠢᠳ ᠤᠨ ᠬᠠᠮᠲᠥ ᠪᠠᠷ ᠥᠮᠴᠢᠯᠡᠬᠦ ᠭᠠᠵᠠᠷ ᠲᠠᠷᠢᠶ᠎ᠠ ᠪᠤᠯᠤᠨ᠎ᠠ ; ᠤᠷᠤᠨ ᠰᠠᠭᠤᠴᠠ ᠶᠢᠨ ᠭᠠᠵᠠᠷ ᠪᠤᠯᠤᠨ ᠬᠤᠪᠢᠨ ᠳᠠᠭᠠᠨ ᠥᠯᠡᠳᠡᠭᠡᠭᠰᠡᠨ ᠭᠠᠵᠠᠷ᠂ ᠠᠭᠤᠯᠨ ᠨᠢ ᠲᠠᠷᠢᠶᠠᠴᠢᠳ ᠤᠨ ᠬᠠᠮᠲᠥ ᠪᠠᠷ ᠥᠮᠴᠢᠯᠡᠬᠦ ᠭᠠᠵᠠᠷ ᠰᠢᠷᠤᠢ ᠪᠤᠯᠤᠨ᠎ᠠ᠃ ᠲᠠᠷᠢᠶᠠᠴᠢᠳ ᠤᠨ ᠬᠠᠮᠲᠥ ᠪᠠᠷ ᠥᠮᠴᠢᠯᠡᠬᠦ ᠭᠠᠵᠠᠷ ᠰᠢᠷᠤᠢ ᠨᠢ ᠬᠠᠤᠯᠢ ᠶᠤᠰᠥ ᠪᠠᠷ ᠭᠠᠴᠠᠭ᠎ᠠ ᠲᠤᠰᠬᠤᠨ ᠤ ᠲᠠᠷᠢᠶᠠᠴᠢᠳ ᠲᠤ ᠬᠠᠮᠲᠥ ᠪᠠᠷ ᠥᠮᠴᠢᠯᠡᠭᠲᠡᠭᠰᠡᠨ ᠪᠤᠯ ᠭᠠᠴᠠᠭ᠎ᠠ ᠲᠤᠰᠬᠤᠨ ᠤ ᠬᠠᠮᠲᠥ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠤᠶᠤ ᠲᠤᠰᠬᠤᠨ ᠤ ᠠᠷᠠᠳ ᠤᠨ ᠵᠥᠪᠯᠡᠯ ᠠᠴᠠ ᠡᠵᠡᠭᠨᠡᠵᠤ ᠬᠠᠮᠢᠶᠠᠷᠤᠨ᠎ᠠ ; ᠨᠢᠭᠡᠨᠲᠡ ᠲᠤᠰ ᠲᠤᠰ ᠭᠠᠴᠠᠭ᠎ᠠ ᠲᠤᠰᠬᠤᠨ ᠤ ᠲᠤᠲᠤᠷᠠᠬᠢ ᠬᠤᠶᠠᠷ ᠠᠴᠠ ᠲᠡᠭᠡᠭᠰᠢ ᠬᠥᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠲᠠᠷᠢᠶᠠᠴᠢᠳ ᠲᠤ ᠬᠠᠮᠲᠥ ᠪᠠᠷ ᠥᠮᠴᠢᠯᠡᠭᠳᠡᠭᠰᠡᠨ ᠪᠤᠯ ᠭᠠᠴᠠᠭ᠎ᠠ ᠲᠤᠰᠬᠤᠨ ᠤ ᠲᠤᠲᠤᠷᠠᠬᠢ ᠲᠤᠰ ᠲᠤᠰ ᠤᠨ ᠬᠥᠳᠡᠭᠡ ᠲᠤᠰᠬᠤᠨ ᠤ ᠬᠠᠮᠲᠥ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠤᠶᠤ ᠭᠠᠴᠠᠭ᠎ᠠ ᠲᠤᠰᠬᠤᠨ ᠤ ᠠᠷᠠᠳ ᠤᠨ ᠠᠷᠠᠳ ᠤᠨ ᠲᠤᠭᠤᠶᠢᠯᠠᠩ ᠠᠴᠠ ᠡᠵᠡᠭᠨᠡᠵᠤ ᠬᠠᠮᠢᠶᠠᠷᠤᠨ᠎ᠠ ; ᠨᠢᠭᠡᠨᠲᠡ ᠰᠤᠮᠤ ᠪᠠᠯᠭᠠᠰᠤ ᠶᠢᠨ ᠲᠠᠷᠢᠶᠠᠴᠢᠳ ᠲᠤ ᠬᠠᠮᠲᠥ ᠪᠠᠷ ᠥᠮᠴᠢᠯᠡᠭᠲᠡᠭᠰᠡᠨ ᠪᠤᠯ ᠰᠤᠮᠤ ᠪᠠᠯᠭᠠᠰᠤ ᠶᠢᠨ ᠬᠥᠳᠡᠭᠡ ᠲᠤᠰᠬᠤᠨ ᠤ ᠬᠠᠮᠲᠥ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠠᠴᠠ ᠡᠵᠡᠭᠨᠡᠵᠤ ᠬᠠᠮᠢᠶᠠᠷᠤᠨ᠎ᠠ᠃       ᠭᠠᠵᠠᠷ ᠰᠢᠷᠤᠢ ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ      ᠭᠠᠵᠠᠷ ᠰᠢᠷᠤᠢ ᠶᠢᠨ ᠥᠮᠴᠢᠯᠡᠬᠦ ᠡᠷᠬᠡ ᠭᠡᠳᠡᠭ ᠨᠢ ᠭᠠᠵᠠᠷ ᠰᠢᠷᠤᠢ ᠥᠮᠴᠢᠯᠡᠭᠴᠢ ᠶᠢᠨ ᠭᠠᠵᠠᠷ ᠰᠢᠷᠤᠢ ᠶᠢ ᠡᠵᠡᠯᠡᠬᠦ᠂ ᠬᠡᠷᠡᠭᠯᠡᠬᠦ᠂ ᠠᠰᠢᠭ ᠢ ᠨᠢ ᠬᠥᠷᠲᠡᠬᠦ ᠪᠠ ᠭᠠᠵᠠᠷ ᠰᠢᠷᠤᠢ ᠶᠢᠨ ᠠᠰᠢᠭᠯᠠᠯᠲᠠ ᠶᠢ ᠰᠡᠶᠢᠳᠪᠥᠷᠢᠯᠡᠬᠦ ᠡᠷᠬᠡ ᠶᠢ ᠵᠢᠭᠠᠵᠤ ᠪᠠᠶᠢᠨ᠎ᠠ᠃       ᠮᠠᠨ ᠤ ᠤᠯᠤᠰ ᠬᠤᠶᠠᠷ ᠵᠦᠢᠯ ᠤᠨ ᠭᠠᠵᠠᠷ ᠰᠢᠷᠤᠢ ᠶᠢᠨ ᠥᠮᠴᠢᠯᠡᠬᠦ ᠡᠷᠬᠡ ᠶᠢ ᠬᠡᠷᠡᠭᠵᠢᠭᠦᠯᠵᠤ ᠪᠠᠶᠢᠨ᠎ᠠ᠃ ᠥᠭᠡᠷ᠎ᠡ ᠪᠠᠷ ᠬᠡᠯᠡᠪᠡᠯ ᠤᠯᠤᠰ ᠤᠨ ᠥᠮᠴᠢᠯᠡᠯᠲᠥ ᠭᠠᠵᠠᠷ ᠰᠢᠷᠤᠢ ᠶᠢᠨ ᠥᠮᠴᠢᠯᠡᠬᠦ ᠡᠷᠬᠡ ᠪᠠ ᠲᠠᠷᠢᠶᠠᠴᠢᠳ ᠤᠨ ᠬᠠᠮᠲᠥ ᠶᠢᠨ ᠭᠠᠵᠠᠷ ᠰᠢᠷᠤᠢ ᠶᠢᠨ ᠥᠮᠴᠢᠯᠡᠬᠦ ᠡᠷᠬᠡ ᠪᠤᠯᠤᠨ᠎ᠠ᠃       ᠭᠠᠵᠠᠷ ᠰᠢᠷᠤᠢ ᠶᠢᠨ ᠬᠡᠷᠡᠭᠯᠡᠬᠦ ᠡᠷᠬᠡ ᠭᠡᠳᠡᠭ ᠨᠢ ᠭᠠᠵᠠᠷ ᠰᠢᠷᠤᠢ ᠬᠡᠷᠡᠭᠯᠡᠭᠴᠢᠳ ᠠᠴᠠ ᠬᠠᠤᠯᠢ ᠴᠠᠭᠠᠵᠠ᠂ ᠪᠢᠴᠢᠭ ᠮᠠᠲ᠋ᠧᠷᠢᠶᠠᠯ᠂ ᠭᠡᠷ᠎ᠡ ᠬᠡᠯᠡᠯᠴᠡᠭᠡᠷ ᠤᠨ ᠲᠤᠭᠲᠠᠭᠠᠯ ᠢ ᠥᠨᠲᠤᠰᠤᠯᠡᠨ ᠤᠯᠤᠰ ᠪᠤᠯᠤᠨ ᠬᠠᠮᠲᠥ ᠶᠢᠨ ᠥᠮᠴᠢᠯᠡᠯᠲᠥ ᠭᠠᠵᠠᠷ ᠰᠢᠷᠤᠢ ᠶᠢ ᠡᠵᠡᠯᠡᠬᠦ᠂ ᠬᠡᠷᠡᠭᠯᠡᠬᠦ᠂ ᠠᠰᠢᠭ ᠢ ᠨᠢ ᠬᠥᠷᠲᠡᠬᠦ ᠪᠠ ᠨᠢᠭᠡ ᠬᠡᠰᠡᠭ ᠰᠡᠶᠢᠳᠪᠥᠷᠢᠯᠡᠬᠦ ᠡᠷᠬᠡ ᠶᠢ ᠵᠢᠭᠠᠵᠤ ᠪᠤᠢ᠂ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠤᠯᠤᠰ ᠤᠨ ᠥᠮᠴᠢᠯᠡᠯᠲᠥ ᠭᠠᠵᠠᠷ ᠰᠢᠷᠤᠢ ᠶᠢᠨ ᠬᠡᠷᠡᠭᠯᠡᠬᠦ ᠡᠷᠬᠡ ᠪᠠ ᠬᠠᠮᠲᠥ ᠶᠢᠨ ᠥᠮᠴᠢᠯᠡᠯᠲᠥ ᠭᠠᠵᠠᠷ ᠰᠢᠷᠤᠢ ᠶᠢᠨ ᠬᠡᠷᠡᠭᠯᠡᠬᠦ ᠡᠷᠬᠡ ᠭᠡᠵᠤ ᠬᠤᠪᠢᠶᠠᠨ᠎ᠠ᠃       ᠬᠥᠳᠡᠭᠡ ᠠᠵᠤ ᠠᠬᠤᠢ ᠶᠢᠨ ᠲᠠᠭᠠᠭᠠᠴᠢᠯᠠᠯᠲᠠ ᠶᠢᠨ ᠭᠡᠷ᠎ᠡ ᠪᠠ ᠭᠡᠷ᠎ᠡ ᠶᠢ ᠬᠡᠷᠬᠢᠨ ᠲᠤᠭᠲᠠᠬᠤ ᠪᠤᠢ︖       ᠭᠡᠷ ᠪᠥᠯᠢ ᠶᠢᠨ ᠲᠠᠭᠠᠭᠠᠴᠢᠯᠠᠨ ᠡᠵᠡᠩᠨᠡᠬᠦ ᠬᠠᠷᠢᠭᠤᠴᠠᠯᠭ᠎ᠠ ᠶᠢᠨ ᠲᠥᠷᠢᠮ ᠢ ᠬᠡᠷᠡᠭᠵᠢᠭᠦᠯᠬᠦ ᠶᠠᠪᠤᠴᠠ ᠳᠤ ᠬᠥᠳᠡᠭᠡ ᠠᠵᠤ ᠠᠬᠤᠢ ᠶᠢᠨ ᠬᠠᠮᠲᠥ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠬᠢᠭᠡᠳ ᠲᠡᠭᠦᠨ ᠤ ᠪᠥᠷᠢᠯᠳᠤᠭᠦᠨ ᠬᠠᠮᠲᠤ ᠶᠢᠨ ᠥᠮᠴᠢᠯᠡᠯ ᠤᠨ ᠭᠠᠵᠠᠷ ᠰᠢᠷᠤᠢ ᠵᠡᠷᠭᠡ ᠤᠶᠢᠯᠡᠳᠪᠥᠷᠢᠯᠡᠯ ᠤᠨ ᠬᠡᠷᠡᠭᠰᠡᠯ ᠢ ᠲᠠᠭᠠᠭᠠᠴᠢᠯᠠᠨ ᠥᠭᠭᠦ ᠪᠠ ᠲᠠᠭᠠᠭᠠᠴᠢᠯᠠᠨ ᠠᠪᠬᠤ ᠶᠢᠨ ᠲᠥᠯᠥᠭᠡ ᠬᠠᠷᠢᠯᠴᠠᠨ ᠡᠷᠬᠡ ᠠᠰᠢᠭ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠪᠠᠨ ᠲᠤᠳᠤᠷᠬᠠᠶᠢᠯᠠᠭᠠᠳ ᠲᠤᠭᠲᠠᠭᠠᠭᠰᠠᠨ ᠵᠥᠪᠯᠡᠯᠴᠡᠭᠡᠷ ᠢ ᠬᠥᠳᠡᠭᠡ ᠠᠵᠤ ᠠᠬᠤᠢ ᠶᠢᠨ ᠲᠠᠭᠠᠭᠠᠴᠢᠯᠠᠯᠲᠠ ᠶᠢᠨ ᠭᠡᠷ᠎ᠡ ᠭᠡᠨ᠎ᠡ᠃ ᠡᠩ ᠤᠨ ᠪᠠᠶᠢᠳᠠᠯ ᠳᠤ ᠲᠠᠭᠠᠭᠠᠴᠢᠯᠠᠯᠲᠠ ᠶᠢᠨ ᠲᠥᠷᠤᠯ ᠵᠦᠢᠯ ᠢ ᠥᠨᠳᠥᠰᠤᠯᠡᠵᠤ ᠲᠠᠷᠢᠶᠠᠨ ᠭᠠᠵᠠᠷ᠂ ᠵᠢᠮᠢᠰ ᠤᠨ ᠬᠥᠷᠢᠶᠡᠯᠡᠩ᠂ ᠤᠢ ᠮᠤᠳᠥ᠂ ᠨᠠᠭᠤᠷ ᠴᠥᠭᠦᠷᠤᠮ᠂ ᠮᠠᠯ ᠵᠢᠭᠦᠷᠲᠡᠨ᠂ ᠡᠪᠡᠰᠤ ᠪᠡᠯᠴᠢᠭᠡᠷ᠂ ᠠᠲᠠᠷ ᠭᠠᠵᠠᠷ᠂ ᠲᠠᠷᠢᠶᠠᠯᠠᠩ ᠤᠨ ᠮᠠᠰᠢᠨ᠂ ᠤᠰᠤᠨ ᠠᠰᠢᠭᠯᠠᠯᠲᠠ ᠶᠢᠨ ᠲᠥᠬᠦᠭᠡᠷᠤᠮᠵᠢ ᠵᠡᠷᠭᠡ ᠲᠠᠭᠠᠭᠠᠴᠢᠯᠠᠯᠲᠠ ᠶᠢᠨ ᠭᠡᠷ᠎ᠡ ᠭᠡᠵᠤ ᠬᠤᠪᠢᠶᠠᠨ᠎ᠠ᠃       ᠭᠡᠷ᠎ᠡ ᠲᠤᠭᠲᠠᠭᠠᠬᠤ ᠶᠢᠨ ᠲᠠᠭᠠᠤ ᠳᠤ ᠬᠤᠶᠠᠷ ᠡᠲᠡᠬᠡᠳ ᠢᠶᠠᠷ ᠢᠶᠠᠨ ᠲᠠᠭᠠᠭᠠᠴᠢᠯᠠᠯᠲᠠ ᠭᠡᠷ᠎ᠡ ᠶᠢᠨ ᠢᠶᠠᠨ ᠥᠨᠳᠤᠰᠤᠨ ᠠᠭᠤᠯᠭ᠎ᠠ ᠪᠤᠶᠤ ᠭᠤᠤᠯ ᠭᠤᠤᠯ ᠵᠦᠢᠯ ᠵᠤᠷᠪᠤᠰ ᠤᠨ ᠲᠤᠬᠠᠢ ᠪᠢᠴᠢᠭ ᠢᠶᠠᠷ ᠵᠥᠪᠯᠡᠯᠴᠡᠭᠡᠷ ᠲᠤᠭᠲᠠᠭᠰᠠᠨ ᠤ ᠲᠠᠷᠠᠭ᠎ᠠ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ︵ᠡᠰᠡᠬᠦᠯ᠎ᠡ ᠲᠥᠯᠤᠭᠡᠯᠡᠭᠴᠢ︶ ᠭᠠᠷ ᠤᠨ ᠥᠰᠥᠭ ᠵᠢᠷᠤᠵᠤ ᠲᠠᠮᠠᠭ᠎ᠠ ᠲᠠᠷᠤᠵᠤ᠂ ᠲᠡᠷᠡᠴᠢᠯᠡᠨ ᠲᠠᠭᠠᠭᠠᠴᠢᠯᠠᠭᠤᠯᠤᠭᠰᠠᠨ ᠲᠠᠯ᠎ᠠ ᠶᠢᠨ ᠠᠯᠪᠠᠨ ᠲᠠᠮᠠᠭ᠎ᠠ ᠶᠢ ᠨᠡᠮᠡᠵᠤ ᠲᠠᠷᠤᠪᠠᠯ᠂ ᠭᠡᠷ᠎ᠡ ᠨᠢ ᠬᠠᠤᠯᠢ ᠶᠤᠰᠤᠭᠠᠷ ᠲᠤᠭᠲᠠᠵᠤ᠂ ᠬᠠᠤᠯᠢ ᠴᠠᠭᠠᠵᠠ ᠶᠢᠨ ᠬᠢᠵᠠᠭᠠᠷᠯᠠᠬᠤ ᠬᠥᠴᠤᠨ ᠲᠠᠢ ᠪᠤᠯᠤᠨ᠎ᠠ᠃ ᠭᠡᠷ᠎ᠡ ᠲᠤᠭᠲᠠᠭᠰᠠᠨ ᠨᠢᠭᠡ ᠲᠠᠯ᠎ᠠ ᠨᠢ ᠪᠤᠶᠤ ᠬᠤᠶᠠᠷ ᠲᠠᠯ᠎ᠠ ᠪᠠᠷ ᠢᠶᠠᠨ ᠱᠠᠭᠠᠷᠳᠠᠪᠠᠯ᠂ ᠬᠥᠳᠡᠭᠡ ᠠᠵᠤ ᠠᠬᠤᠢ ᠶᠢᠨ ᠲᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠪᠠᠶᠢᠭᠤᠯᠭ᠎ᠠ ᠳᠤ ᠤᠴᠢᠵᠤ ᠪᠠᠲᠤᠯᠠᠭᠤᠯᠵᠤ ᠪᠤᠯᠤᠨ᠎ᠠ᠃ ᠲᠤᠭᠲᠠᠭᠠᠯ ᠲᠠᠢ ᠪᠠᠶᠢᠬᠤ ᠠᠴᠠ ᠭᠠᠳᠠᠨ᠎ᠠ᠂ ᠪᠠᠲᠤᠯᠠᠬᠤ ᠳᠤ ᠰᠠᠶᠢᠨ ᠲᠤᠷ᠎ᠠ ᠠᠴᠠ ᠪᠠᠨ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠠᠢ᠃      ᠮᠠᠯᠴᠢᠨ ᠲᠠᠷᠢᠶᠠᠴᠢᠳ ᠤᠨ ᠭᠠᠵᠠᠷ ᠲᠠᠷᠢᠶ᠎ᠠ ᠲᠠᠭᠠᠭᠠᠴᠢᠯᠠᠨ ᠡᠵᠡᠨ ᠮᠡᠳᠡᠬᠦ ᠡᠷᠬᠡ ᠳᠤ ᠬᠠᠯᠳᠠᠪᠠᠯ ᠶᠠᠭᠠᠬᠢᠪᠡᠯ ᠵᠤᠬᠢᠬᠤ ᠪᠤᠢ︖       ᠮᠠᠯᠴᠢᠨ ᠲᠠᠷᠢᠶᠠᠴᠢᠳ ᠲᠠᠭᠠᠭᠠᠴᠢᠯᠠᠭᠰᠠᠨ ᠲᠠᠷᠢᠶ᠎ᠠ ᠪᠠᠨ ᠡᠵᠡ ᠮᠡᠳᠡᠨ ᠡᠵᠡᠭᠨᠡᠬᠦ ᠡᠷᠬᠡ ᠲᠠᠢ᠂ ᠶᠠᠮᠠᠷᠪᠠ ᠵᠤᠬᠢᠶᠠᠨ ᠪᠠᠶᠢᠭᠤᠯᠤᠯᠲᠠ ᠪᠤᠯᠤᠨ ᠬᠤᠪᠢ ᠬᠥᠮᠥᠨ ᠬᠠᠤᠯᠢ ᠪᠤᠰᠥ ᠪᠠᠷ ᠭᠠᠷ ᠲᠥᠷᠥᠵᠥ ᠪᠤᠯᠬᠤ ᠥᠭᠡᠢ᠃ ᠡᠨᠡᠬᠦ ᠡᠵᠡ ᠮᠡᠳᠡᠵᠥ ᠡᠵᠭᠨᠡᠬᠦ ᠡᠷᠬᠡ ᠳᠤᠨᠢ ᠭᠤᠷᠪᠠᠨ ᠵᠦᠢᠯ ᠤᠨ ᠡᠷᠬᠡ ᠪᠠᠭᠲᠠᠨ᠎ᠠ ;       ᠨᠢᠭᠡ ᠳᠤ ᠤᠶᠢᠯᠡᠳᠪᠥᠷᠢᠯᠡᠯ ᠡᠵᠡᠭᠨᠡᠯᠲᠡ ᠶᠢᠨ ᠰᠡᠶᠢᠳᠪᠥᠷᠢᠲᠥ ᠪᠤᠳᠤᠯᠭ᠎ᠠ ᠲᠤᠭᠲᠠᠭᠠᠬᠤ ᠡᠷᠬᠡ᠃ ᠮᠠᠯᠴᠢᠨ ᠲᠠᠷᠢᠶᠠᠴᠢᠳ ᠬᠠᠮᠲᠥ ᠶᠢᠨ ᠭᠠᠵᠠᠷ ᠲᠠᠷᠢᠶ᠎ᠠ ᠶᠢ ᠬᠡᠷᠡᠭᠯᠡᠬᠦ ᠡᠷᠬᠡ ᠶᠢ ᠲᠠᠭᠠᠭᠠᠴᠢᠯᠠᠭᠰᠠᠨ ᠡᠲᠡᠬᠡᠳ ᠪᠤᠯᠤᠭᠰᠠᠨ ᠬᠤᠪᠢ ᠳᠤ ᠭᠡᠷ᠎ᠡ ᠪᠠᠷ ᠲᠠᠮᠵᠢᠭᠤᠯᠤᠨ ᠤᠯᠤᠰ ᠤᠨ ᠵᠠᠬᠢᠶᠠᠯᠠᠨ ᠬᠤᠳᠠᠯᠳᠤᠨ ᠠᠪᠬᠤ ᠡᠭᠦᠷᠭᠡ ᠪᠠᠨ ᠪᠡᠶᠡᠯᠡᠭᠦᠯᠬᠦ ᠪᠠ ᠬᠠᠮᠳᠤ ᠶᠢᠨ ᠲᠠᠭᠠᠭᠠᠴᠢᠯᠠᠯᠲᠠ ᠶᠢᠨ ᠮᠥᠩᠭᠦ ᠪᠠᠨ ᠲᠤᠰᠢᠶᠠᠭᠠᠳ ᠤᠯᠬᠤ ᠤᠶᠢᠯᠡᠳᠪᠥᠷᠢᠯᠡᠯ ᠡᠵᠡᠩᠨᠡᠯᠲᠡ ᠶᠢᠨ ᠰᠡᠶᠢᠪᠥᠷᠢᠲᠥ ᠪᠤᠳᠤᠯᠭ᠎ᠠ ᠲᠤᠭᠲᠠᠭᠠᠬᠤ ᠡᠷᠬᠡ᠃ ᠵᠢᠱᠢᠶᠡᠯᠡᠪᠡᠯ ᠲᠠᠭᠠᠭᠠᠴᠢᠯᠠᠭᠰᠠᠨ ᠭᠠᠵᠠᠷ ᠲᠠᠷᠢᠶ᠎ᠠ ᠲᠡᠭᠡᠷ᠎ᠡ ᠪᠠᠨ ᠶᠠᠮᠠᠷ ᠲᠠᠷᠢᠮᠠᠯ᠂ ᠶᠠᠮᠠᠷ ᠲᠥᠷᠥᠯ ᠵᠦᠢᠯ ᠲᠠᠷᠢᠬᠤ᠂ ᠶᠠᠮᠠᠷ ᠲᠠᠷᠢᠶᠠᠯᠠᠬᠤ ᠲᠥᠷᠢᠮ ᠠᠪᠬᠤ ᠵᠢᠴᠢ ᠲᠠᠷᠢᠬᠤ᠂ ᠪᠤᠷᠳᠤᠭᠤᠷ ᠤᠷᠤᠭᠤᠯᠬᠤ᠂ ᠠᠷᠴᠢᠬᠤ᠂ ᠬᠢᠵᠢᠭ ᠬᠤᠷᠤᠬᠠᠶᠢᠳᠠᠯ ᠢ ᠰᠡᠷᠭᠡᠶᠢᠯᠡᠬᠦ ᠵᠡᠷᠭᠡ ᠤᠶᠢᠯᠡᠳᠪᠥᠷᠢᠯᠡᠯ ᠤᠨ ᠠᠷᠭ᠎ᠠ ᠬᠡᠮᠵᠢᠶ᠎ᠡ ᠠᠪᠬᠤ ᠪᠠᠨ ᠴᠥᠮ ᠲᠠᠭᠠᠭᠠᠴᠢᠯᠠᠭᠰᠠᠳ ᠥᠪᠡᠰᠥᠪᠡᠨ ᠰᠤᠩᠭᠤᠬᠤ ᠪᠠ ᠲᠤᠭᠲᠠᠭᠠᠪᠠᠯ ᠵᠤᠬᠢᠨ᠎ᠠ᠃      ᠬᠤᠶᠠᠷ ᠲᠤ ᠪᠥᠲᠥᠭᠡᠭᠳᠡᠭᠦᠨ ᠢᠶᠠᠨ ᠰᠡᠶᠢᠳᠪᠥᠷᠢᠯᠡᠬᠦ ᠡᠷᠬᠡ᠃ ᠲᠠᠷᠢᠶᠠᠯᠠᠩ ᠤᠨ ᠪᠥᠲᠥᠭᠡᠭᠳᠡᠭᠦᠨ ᠪᠤᠯ ᠲᠠᠭᠠᠭᠠᠴᠢᠯᠠᠭᠰᠠᠨ ᠡᠲᠡᠬᠡᠳ ᠤᠨ ᠲᠠᠷᠢᠶᠠᠯᠠᠩ ᠤᠨ ᠤᠶᠢᠯᠡᠳᠪᠥᠷᠢᠯᠡᠯ ᠬᠢᠵᠤ ᠤᠯᠤᠭᠰᠠᠨ ᠬᠥᠳᠡᠯᠮᠥᠷᠢ ᠶᠢᠨ ᠥᠷ᠎ᠡ ᠪᠥᠲᠥᠭᠡᠯ ᠪᠤᠯᠬᠤ ᠲᠤᠯᠨ ᠲᠠᠭᠠᠭᠠᠴᠢᠯᠠᠭᠰᠠᠨ ᠡᠲᠡᠬᠡᠳ ᠨᠢ ᠶᠠᠷᠢᠶᠠᠨ ᠥᠭᠡᠢ ᠰᠡᠶᠢᠳᠪᠥᠷᠢᠯᠡᠬᠦ ᠡᠷᠬᠡ ᠲᠠᠢ ᠶᠤᠮ᠃ ᠬᠠᠤᠯᠢ ᠶᠢᠨ ᠲᠤᠭᠲᠠᠭᠠᠯ ᠢ ᠥᠨᠳᠥᠰᠥᠯᠡᠪᠡᠯ᠂ ᠲᠠᠭᠠᠭᠠᠴᠢᠯᠠᠭᠰᠠᠨ ᠡᠲᠡᠬᠡᠳ ᠨᠢ ᠤᠯᠤᠰ ᠤᠨ ᠵᠠᠬᠢᠶᠠᠯᠠᠨ ᠬᠤᠳᠠᠯᠳᠤᠵᠥ ᠠᠪᠬᠤ ᠡᠭᠦᠷᠭᠡ ᠶᠢ ᠪᠡᠶᠡᠯᠡᠭᠦᠯᠥᠭᠰᠡᠨ ᠤ ᠲᠠᠷᠠᠭ᠎ᠠ ᠬᠡᠳᠥᠢ ᠥᠯᠡᠳᠡᠭᠡᠵᠥ ᠬᠡᠳᠥᠢ ᠬᠤᠳᠠᠯᠳᠤᠬᠤ᠂ ᠶᠠᠮᠠᠷ ᠬᠡᠯᠪᠡᠷᠢ ᠪᠠᠷ ᠪᠤᠷᠤᠯᠠᠭᠤᠯᠬᠤ ᠪᠤᠶᠤ ᠶᠠᠮᠠᠷ ᠭᠠᠵᠠᠷ ᠤᠴᠢᠵᠤ ᠪᠤᠷᠤᠯᠠᠭᠤᠯᠬᠤ᠂ ᠪᠤᠷᠤᠯᠠᠭᠤᠯᠬᠤ ᠥᠨ᠎ᠡ ᠶᠢᠨ ᠥᠨᠳᠥᠷ ᠲᠤᠤᠷ᠎ᠠ ᠪᠠᠶᠢᠯᠭᠠᠬᠤ ᠶᠢ ᠪᠥᠷ ᠲᠠᠭᠠᠭᠠᠴᠢᠯᠠᠨ ᠥᠪᠡᠷ ᠢᠶᠠᠨ ᠡᠵᠡ ᠮᠡᠳᠡᠨ ᠲᠤᠭᠲᠠᠭᠠᠨ᠎ᠠ᠃       ᠭᠤᠷᠪᠠ ᠳᠤ ᠥᠷ᠎ᠡ ᠠᠰᠢᠭ ᠬᠥᠷᠲᠡᠬᠦ ᠡᠷᠬᠡ᠃ ᠮᠠᠯᠴᠢᠨ ᠲᠠᠷᠢᠶᠠᠴᠢᠳ ᠤᠨ ᠲᠠᠭᠠᠭᠠᠴᠢᠯᠠᠨ ᠡᠵᠡᠩᠨᠡᠬᠦ ᠲᠤᠮᠳᠠ ᠠᠴᠠ ᠪᠠᠨ ᠤᠯᠤᠭᠰᠠᠨ ᠥᠷ᠎ᠡ ᠠᠰᠢᠭ ᠢᠶᠠᠨ ᠳᠡᠭᠡᠭᠰᠢ ᠲᠠᠭᠠᠭᠠᠴᠢᠯᠠᠯᠲᠠ ᠶᠢᠨ ᠮᠥᠩᠭᠦ ᠪᠠᠨ ᠲᠤᠰᠢᠶᠠᠬᠤ ᠠᠴᠠ ᠪᠤᠰᠤᠳ ᠢ ᠨᠢ ᠴᠥᠮ ᠥᠪᠡᠷ ᠢᠶᠠᠨ ᠡᠵᠡᠮᠰᠢᠨ᠎ᠡ᠃       ᠪᠤᠳᠠᠲᠠᠢ ᠤᠶᠢᠯᠡᠳᠤᠯᠭᠡ ᠲᠤᠮᠳᠠ᠂ ᠮᠠᠯᠴᠢᠨ ᠲᠠᠷᠢᠶᠠᠴᠢᠳ ᠤᠨ ᠥᠶᠢᠯᠡᠳᠪᠥᠷᠢᠯᠡᠯ ᠡᠵᠡᠩᠨᠡᠯᠲᠡ ᠶᠢᠨ ᠡᠷᠬᠡ ᠨᠢ ᠪᠠᠶᠢᠨ ᠲᠠᠬᠢᠨ ᠬᠠᠯᠳᠠᠯᠭ᠎ᠠ ᠳᠤ ᠤᠴᠠᠷᠠᠳᠠᠭ᠃ ᠵᠠᠷᠢᠮ ᠭᠠᠵᠠᠷ ᠤᠷᠤᠨ ᠤ ᠵᠠᠰᠠᠭ ᠤᠨ ᠤᠷᠳᠤᠨ ᠪᠤᠶᠤ ᠰᠤᠮᠥ ᠪᠠᠯᠭᠠᠰᠥ ᠭᠠᠴᠠᠭ᠎ᠠ ᠲᠤᠰᠬᠤᠨ ᠤ ᠺᠠᠲᠠᠷᠴᠤᠤᠨ ᠡᠯᠳᠡᠪ ᠵᠦᠢᠯ ᠤᠨ ᠰᠢᠯᠲᠠᠭᠠᠨ ᠢᠶᠠᠷ ᠮᠠᠯᠴᠢᠨ ᠲᠠᠷᠢᠶᠠᠴᠢᠳ ᠢ ᠠᠯᠪᠠᠳᠠᠨ ᠡᠷᠬᠡᠪᠰᠢ ᠶᠠᠭᠤ ᠲᠠᠷᠢᠬᠤ ᠬᠡᠷᠡᠭᠲᠠᠢ᠂ ᠶᠠᠭᠤ ᠶᠢ ᠲᠠᠷᠢᠵᠤ ᠪᠤᠯᠬᠤ ᠥᠭᠡᠢ᠂ ᠴᠢᠨᠠᠭᠰᠢᠯᠠᠭᠠᠳ ᠡᠷᠬᠡᠪᠰᠢ ᠠᠯᠢ ᠨᠢᠭᠡ ᠵᠦᠢᠯ ᠤᠨ ᠲᠠᠷᠢᠬᠤ ᠬᠡᠯᠪᠡᠷᠢ ᠠᠪᠬᠤ᠂ ᠶᠠᠮᠠᠷ ᠪᠤᠷᠳᠤᠭᠤᠷ ᠤᠷᠤᠭᠤᠯᠬᠤ᠂ ᠬᠡᠳᠥᠢ ᠤᠷᠤᠭᠤᠯᠬᠤ ᠶᠢ ᠨᠢ ᠬᠥᠷᠲᠡᠯ᠎ᠡ ᠲᠤᠭᠲᠠᠭᠠᠵᠥ᠂ ᠮᠠᠯᠴᠢᠨ ᠲᠠᠷᠢᠶᠠᠴᠢᠳ ᠤᠨ ᠤᠶᠢᠯᠡᠳᠪᠥᠷᠢᠯᠡᠯ ᠡᠵᠡᠩᠨᠡᠯᠲᠡ ᠶᠢᠨ ᠰᠡᠶᠢᠳᠪᠥᠷᠢᠲᠥ ᠪᠤᠳᠤᠯᠭ᠎ᠠ ᠲᠤᠭᠲᠠᠭᠠᠬᠤ ᠡᠷᠬᠡ ᠶᠢ ᠨᠢ ᠬᠤᠬᠢᠷᠠᠭᠤᠯᠵᠥ ᠪᠠᠶᠢᠨ᠎ᠠ᠃ ᠡᠨ᠋ᠨ ᠨᠢ ᠲᠠᠷᠥᠢ ᠬᠠᠤᠯᠢ ᠴᠠᠭᠠᠵᠠ ᠶᠢᠨ ᠲᠤᠭᠲᠠᠭᠠᠯ ᠪᠠ ᠭᠡᠷ᠎ᠡ ᠶᠢᠨ ᠲᠤᠭᠲᠠᠭᠠᠯ ᠢ ᠡᠪᠳᠡᠵᠥ᠂ ᠮᠯᠴᠢᠨ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ ᠶᠠᠪᠤᠳᠠᠯ ᠪᠤᠯᠤᠨ᠎ᠠ᠃ ᠡᠶᠢᠮᠥ ᠪᠠᠶᠢᠳᠠᠯ ᠲᠤᠬᠢᠶᠠᠯᠳᠤᠪᠠᠯ ᠮᠠᠯᠴᠢᠨ ᠲᠠᠷᠢᠶᠠᠴᠢᠨ ᠨᠠᠶᠢᠵᠢ ᠨᠠᠷ ᠬᠠᠤᠯᠢ ᠴᠠᠭᠠᠵᠠ ᠶᠢᠨ ᠵᠡᠪᠰᠡᠭ ᠢ ᠵᠤᠷᠢᠭᠲᠠᠢ ᠬᠡᠷᠡᠭᠯᠡᠨ ᠥᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠪᠠᠯ ᠵᠤᠬᠢᠨ᠎ᠠ᠃       ᠶᠠᠭᠤᠨ ᠤ ᠡᠮᠥᠨ᠎ᠡ ᠨᠥᠭᠦᠭᠡ ᠡᠲᠡᠭᠡᠳ ᠲᠡᠭᠡᠨ ᠲᠠᠭᠠᠭᠠᠴᠢᠯᠠᠨ ᠡᠵᠡᠨ ᠮᠡᠳᠡᠵᠥ ᠡᠵᠡᠩᠨᠡᠬᠦ ᠡᠷᠬᠡ ᠳᠤ ᠬᠠᠯᠳᠠᠬᠤ ᠨᠢ ᠬᠠᠤᠯᠢ ᠶᠢ ᠵᠥᠷᠢᠴᠡᠭᠰᠡᠨ ᠶᠠᠪᠤᠳᠠᠯ ᠪᠤᠯᠬᠤ ᠶᠢ ᠬᠡᠯᠡᠵᠤ ᠥᠭᠴᠥ᠂ ᠬᠠᠤᠯᠢ ᠪᠤᠰᠤ ᠪᠠᠷ ᠬᠠᠯᠳᠠᠬᠤ ᠶᠢ ᠨᠢ ᠲᠡᠪᠴᠢᠬᠦ ᠬᠡᠷᠡᠭᠲᠠᠢ᠃ ᠲᠠᠷᠠᠭ᠎ᠠ ᠳᠤᠨᠢ ᠥᠨᠳᠤᠰᠤᠨ ᠱᠠᠲᠤᠨ ᠤ ᠺᠠᠲᠠᠷ ᠲᠠᠭᠠᠭᠠᠴᠢᠯᠠᠯᠲᠠ ᠶᠢᠨ ᠭᠡᠷ᠎ᠡ ᠶᠢᠨ ᠲᠤᠭᠲᠠᠭᠠᠯ ᠢ ᠵᠥᠷᠢᠴᠡᠨ᠂ ᠠᠯᠪᠠᠳᠠᠯᠭ᠎ᠠ ᠪᠠᠷ ᠭᠠᠷ ᠲᠥᠷᠥᠭᠡᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠮᠠᠯᠴᠢᠨ ᠲᠠᠷᠢᠶᠠᠴᠢᠳ ᠲᠥᠯᠥᠪᠥᠷᠢ ᠠᠪᠬᠤ ᠪᠠᠷ ᠱᠠᠭᠠᠷᠳᠠᠬᠤ ᠡᠷᠬᠡ ᠲᠠᠢ᠃     ᠭᠤᠷᠪᠠᠳᠤᠭᠠᠷ ᠲᠤ ᠬᠷᠪᠡ ᠨᠥᠭᠦᠭᠡ ᠡᠲᠡᠭᠡᠳ ᠨᠢ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠥᠭᠡᠢ ᠪᠤᠯ ᠮᠠᠯᠴᠢᠨ ᠲᠠᠷᠢᠶᠠᠴᠢᠨ ᠲᠡᠭᠡᠳᠥ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠥᠨ ᠳᠤ ᠲᠤᠰᠬᠠᠵᠥ ᠰᠡᠶᠢᠳᠪᠥᠷᠢᠯᠡᠭᠦᠯᠬᠦ ᠪᠠᠷ ᠱᠠᠭᠠᠷᠳᠠᠵᠥ ᠪᠤᠯᠤᠨ᠎ᠠ᠃ ᠲᠥᠷᠪᠡᠳᠥᠭᠡᠷ ᠲᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠥ ᠪᠤᠯᠤᠨ᠎ᠠ᠃       ᠭᠠᠵᠠᠷ ᠰᠢᠷᠣᠢ ᠠᠰᠢᠭᠯᠠᠬᠤ ᠡᠷᠬᠡ ᠶᠢ ᠰᠢᠯᠵᠢᠭᠦᠯᠦᠨ ᠬᠤᠳᠠᠯᠳᠤᠬᠤ ᠬᠠᠮᠤᠭ ᠤᠨ ᠤᠷᠲᠤ ᠵᠢᠯ ᠬᠤᠭᠤᠴᠠᠭ᠎ᠠ       ︵1︶ ᠣᠷᠣᠨ ᠰᠠᠭᠤᠴᠠ ᠳᠤ ᠬᠡᠷᠡᠭᠯᠡᠬᠦ ᠭᠠᠵᠠᠷ ᠰᠢᠷᠣᠢ ᠶᠢ 17 ᠵᠢᠯ︔       ︵2︶ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ 50 ᠵᠢᠯ︔       ︵3︶ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠭᠡᠭᠡᠷᠡᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠲᠤ ᠬᠡᠷᠡᠭᠯᠡᠬᠦ ᠭᠠᠵᠠᠷ ᠰᠢᠷᠣᠢ ᠶᠢ 50 ᠵᠢᠯ︔      ︵4︶ ᠬᠤᠳᠠᠯᠳᠤᠭ᠎ᠠ᠂ ᠵᠤᠭᠠᠴᠠᠯ᠂ ᠨᠠᠭᠠᠳᠤᠮ ᠳᠤ ᠬᠡᠷᠡᠭᠯᠡᠬᠦ ᠭᠠᠵᠠᠷ ᠰᠢᠷᠣᠢ ᠶᠢ 40 ᠵᠢᠯ︔      ︵5︶ ᠶᠡᠷᠦᠩᠬᠡᠶᠢᠯᠡᠭᠰᠡᠨ ᠬᠡᠷᠡᠭᠯᠡᠭᠡ ᠪᠣᠯᠣᠨ ᠪᠤᠰᠤᠳ ᠶᠠᠪᠤᠳᠠᠯ ᠳᠤ ᠬᠡᠷᠡᠭᠯᠡᠬᠦ ᠭᠠᠵᠠᠷ ᠰᠢᠷᠣᠢ ᠶᠢ 50 ᠵᠢᠯ︔      ᠤᠯᠤᠰ ᠤᠨ ᠭᠠᠵᠠᠷ ᠰᠢᠷᠤᠢ ᠡᠭᠢ ᠪᠠᠶᠠᠯᠢᠭ ᠤᠨ ᠢᠯᠠᠴᠢᠯᠠᠨ ᠮᠠᠳᠠᠭᠦᠯᠭᠦ ᠤᠳᠠᠰᠤ ᠠᠵᠢᠯᠯᠠᠭᠤᠯᠵᠤ ᠪᠠᠶᠢᠨ᠎ᠠ      6 ᠰᠠᠷ᠎ᠠ ᠶᠢᠨ 25 ᠤ ᠡᠳᠤᠷ 19 ᠳᠠᠬᠢ ᠤᠯᠤᠰ ᠤᠨ ᠡᠭᠢ ᠪᠠᠶᠠᠯᠢᠭ ᠤᠨ ᠡᠳᠤᠷ᠃ ᠤᠯᠤᠰ ᠤᠨ ᠭᠠᠵᠠᠷ ᠰᠢᠷᠤᠢ ᠡᠭᠢ ᠪᠠᠶᠠᠯᠢᠭ ᠤᠨ ᠶᠠᠮᠤᠨ ᠠᠴᠠ 123366 ᠭᠡᠭᠦ ᠢᠯᠠᠴᠢᠯᠠᠨ ᠮᠡᠳᠠᠭᠦᠯᠭᠦ ᠤᠳᠠᠰᠤ ᠠᠵᠢᠯᠯᠠᠭᠤᠯᠵᠤ ᠡᠭᠢᠯᠠᠵᠠᠢ᠃ ᠨᠤᠳᠤᠭ ᠲᠠᠪᠢᠰᠭᠡᠷ ᠢ ᠬᠠᠤᠯᠢ ᠪᠤᠰᠤ ᠪᠠᠷ ᠡᠵᠠᠯᠠᠭᠦ᠂ ᠨᠤᠳᠤᠭ ᠲᠠᠪᠢᠰᠭᠡᠷ ᠢ ᠭᠡᠷᠡᠭᠯᠡᠭᠰᠠᠨ ᠲᠦᠯᠤᠪᠤᠷᠢ ᠶᠢ ᠲᠤᠭ᠎ᠠ ᠶᠤᠰᠤᠭᠠᠷ ᠨᠢ ᠦᠭᠭᠦ ᠦᠭᠡᠢ ᠪᠤᠶᠤ ᠤᠳᠠᠭᠠᠰᠢᠷᠠᠭᠤᠯᠤᠨ ᠰᠠᠭᠠᠳᠠᠭᠠᠬᠤ ᠵᠠᠷᠭᠡ ᠶᠢ ᠢᠯᠠᠴᠢᠯᠠᠨ ᠮᠡᠳᠠᠭᠦᠯᠵᠤ ᠪᠤᠯᠬᠤ ᠶᠤᠮ ᠪᠠᠶᠢᠨ᠎ᠠ᠃ 7 ᠰᠠᠷ᠎ᠠ ᠶᠢᠨ ᠰᠠᠭᠦᠯᠴᠢ ᠪᠠᠷ ᠪᠦᠭᠦ ᠤᠯᠤᠰ ᠤᠨ ᠡᠯ᠎ᠠ ᠭᠠᠵᠠᠷ ᠲᠤ ᠡᠨᠠ ᠭᠦ ᠤᠳᠠᠰᠤ ᠶᠢ ᠠᠵᠢᠯᠯᠠᠭᠤᠯᠬᠤ ᠪᠠᠷ ᠲᠦᠯᠤᠪᠯᠠᠵᠤ ᠪᠠᠶᠢᠨ᠎ᠠ᠃    
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ