ᠠᠩᠬᠠᠷ︕ ᠡᠳᠡᠭᠡᠷ ᠶᠠᠭᠤᠮᠠᠰ ᠢ ᠨᠠᠶᠢᠵᠠ ᠶᠢᠨ ᠲᠣᠭᠤᠷᠢᠭ ᠲᠤ ᠪᠠᠨ ᠨᠡᠶᠢᠳᠡᠯᠡᠵᠤ ᠪᠣᠯᠬᠤ ᠦᠭᠡᠢ
ᠨᠡᠶᠢᠲᠡᠯᠡᠭᠰᠡᠨ ᠴᠠᠭ᠄
2024/7/5
     ᠨᠠᠶᠢᠵᠠ ᠶᠢᠨ ᠲᠣᠭᠤᠷᠢᠭ ᠲᠤ ᠪᠠᠨ ᠰᠡᠭᠦᠳᠡᠷ ᠢᠶᠠᠨ ᠨᠡᠶᠢᠳᠡᠯᠡᠬᠦ ᠳᠤ ᠶᠠᠮᠠᠷ ᠴᠡᠭᠡᠷ ᠪᠠᠶᠢᠬᠤ ᠪᠣᠶ︖     ᠦᠵᠡᠬᠦ ᠳᠤ ᠰᠠᠨᠠᠭᠠᠨ ᠳᠤ ᠦᠭᠡᠢ ᠵᠠᠷᠢᠮ ᠦᠢᠯᠡ ᠠᠵᠢᠯᠯᠠᠭ᠎ᠠ ᠨᠢ ᠬᠤᠪᠢ ᠬᠥᠮᠦᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠳᠠᠷᠠᠭᠤᠯᠬᠤ ᠮᠠᠭᠠᠳ᠃      ᠭᠠᠯᠲᠤ ᠲᠡᠷᠭᠡᠨ ᠤ ᠪᠢᠯᠧᠲ᠂ ᠨᠢᠰᠬᠡᠯ ᠤᠨ ᠪᠢᠯᠧᠲ᠂      ᠨᠢᠰᠬᠡᠯ ᠳᠤ ᠭᠠᠷᠬᠤ ᠫᠠᠶᠢᠰᠠ ᠪᠠᠨ ᠨᠠᠶᠢᠵᠠ ᠶᠢᠨ ᠲᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ ᠨᠢᠰᠬᠡᠯ ᠤᠨ ᠪᠢᠯᠧᠲ ᠪᠣᠯᠤᠨ ᠭᠠᠯᠲᠤ ᠲᠡᠷᠭᠡᠨ ᠤ ᠪᠢᠯᠧᠲ ᠤᠨ ᠵᠢᠷᠤᠭᠠᠰᠤᠨ ᠺᠣᠳ᠋ ᠪᠤᠶᠤ ᠬᠤᠶᠠᠷ ᠬᠡᠮᠵᠢᠯᠳᠦ ᠺᠣᠳ᠋ ᠲᠤ ᠠᠶᠠᠨᠴᠢᠳ ᠤᠨ ᠬᠤᠪᠢ ᠬᠥᠮᠦᠨ ᠤ ᠮᠡᠳᠡᠭᠡ ᠵᠠᠩᠭᠢ ᠪᠠᠶᠢᠳᠠᠭ᠂ ᠡᠭᠦᠨ ᠳᠤ ᠪᠡᠶ᠎ᠡ ᠶᠢᠨ ᠦᠨᠡᠮᠯᠡᠯ ᠤᠨ ᠨᠣᠮᠧᠷ ᠵᠡᠷᠭᠡ ᠪᠠᠭᠲᠠᠨ᠎ᠠ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ ᠬᠤᠪᠢ ᠬᠥᠮᠦᠨ ᠤ ᠮᠡᠳᠡᠭᠡ ᠵᠠᠩᠭᠢ ᠶᠢ ᠬᠤᠯᠠᠭᠠᠶᠢᠯᠠᠨ ᠠᠪᠴᠤ ᠮᠡᠳᠡᠬᠦ ᠪᠣᠯᠤᠯᠴᠠᠭ᠎ᠠ ᠲᠠᠢ᠃      ᠫᠠᠰᠫᠣᠷᠲ᠂ ᠭᠡᠷ ᠤᠨ ᠲᠦᠯᠬᠢᠭᠦᠷ᠂ ᠲᠡᠷᠭᠡᠨ ᠫᠠᠶᠢᠰᠠ ᠪᠠᠨ ᠨᠠᠶᠢᠵᠠ ᠶᠢᠨ ᠲᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ      ᠡᠳᠡᠭᠡᠷ ᠨᠢ ᠴᠢᠨᠦ ᠲᠤᠲᠤᠷᠬᠠᠢ ᠴᠠᠭ᠂ ᠲᠤᠲᠤᠷᠬᠠᠢ ᠤᠷᠤᠨ ᠪᠠᠶᠢᠷᠢ ᠶᠢ ᠵᠠᠳᠠᠷᠠᠭᠤᠯᠤᠨ᠎ᠠ᠂ ᠪᠠᠰᠠᠴᠤ ᠴᠢᠨᠦ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠵᠠᠳᠠᠷᠠᠭᠤᠯᠤᠨ᠎ᠠ᠃      ᠣᠷᠣᠨ ᠪᠠᠶᠢᠷᠢ ᠪᠠᠨ ᠨᠠᠶᠢᠵᠠ ᠶᠢᠨ ᠲᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ     ᠬᠡᠷᠪᠡ ᠨᠠᠶᠢᠵᠠ ᠶᠢᠨ ᠲᠣᠭᠤᠷᠢᠭ ᠲᠤ ᠪᠠᠨ ᠣᠷᠣᠨ ᠪᠠᠶᠢᠷᠢ ᠶᠢᠨ ᠰᠤᠷᠠᠭ ᠵᠠᠩᠭᠢ ᠲᠠᠢ ᠵᠢᠷᠤᠭ ᠨᠡᠢᠲᠡᠯᠡᠪᠡᠯ᠂ ᠮᠠᠰᠢ ᠦᠨᠡᠨ ᠪᠣᠳᠠᠲᠠᠶ ᠬᠤᠪᠢ ᠬᠥᠮᠦᠨ ᠤ ᠰᠤᠷᠠᠭ ᠵᠠᠩᠭᠢ ᠶᠢ ᠢᠯᠡᠷᠡᠭᠦᠯᠵᠦ᠂ ᠮᠠᠭᠤ ᠬᠥᠮᠦᠨ ᠤ ᠬᠡᠷᠡᠭ ᠬᠢᠬᠦ ᠳᠤ ᠲᠦᠭᠦᠮ ᠪᠣᠯᠭᠠᠨ᠎ᠠ᠃      ᠬᠡᠦᠬᠡᠳ ᠤᠨ ᠰᠡᠭᠦᠳᠡᠷ ᠵᠢᠴᠢ ᠨᠡᠷ᠎ᠡ ᠪᠠᠨ ᠪᠢᠲᠡᠭᠡᠶ ᠨᠠᠶᠢᠳᠡᠯᠠ᠃      ᠪᠣᠳᠠᠲᠤ ᠠᠮᠢᠳᠤᠷᠠᠯ ᠳᠤᠮᠳᠠ ᠮᠠᠰᠢ ᠣᠯᠠᠨ ᠮᠡᠬᠡᠯᠡᠭᠴᠢ ᠸᠢᠴᠠᠲ ᠤᠨ ︽ᠬᠠᠵᠠᠭᠤ ᠬᠠᠪᠢ ᠶᠢᠨ ᠬᠥᠮᠦᠨ ︵附近的人︶︾ ᠢ ᠠᠰᠢᠭᠯᠠᠵᠤ᠂ ᠬᠡᠦᠬᠡᠳ ᠪᠣᠯᠤᠨ ᠡᠵᠢ ᠶᠢᠨ ᠬᠢᠨᠢ ᠰᠡᠭᠦᠳᠡᠷ ᠪᠤᠯᠤᠨ ᠨᠡᠷ᠎ᠡ ᠶᠢ ᠬᠤᠯᠠᠭᠠᠶᠢᠯᠠᠨ ᠬᠡᠷᠡᠭᠯᠡᠳᠡᠭ᠃      ᠨᠠᠰᠤᠲᠠᠨ ᠤ ᠪᠠᠨ ᠰᠡᠭᠦᠳᠡᠷ ᠢ ᠪᠢᠲᠡᠭᠡᠶ ᠨᠡᠶᠢᠳᠡᠯᠡᠬᠡᠷᠠᠢ      ᠨᠠᠰᠤᠲᠠᠨ ᠤ ᠪᠠᠨ ᠰᠡᠭᠦᠳᠡᠷ ᠢ ᠳᠡᠯᠭᠡᠪᠡᠯ᠂ ᠮᠠᠭᠤ ᠬᠥᠮᠦᠨ ᠳᠤ ᠲᠠᠨᠢᠭᠳᠠᠬᠤ ᠨᠤᠷᠮ᠎ᠠ ᠨᠢ ᠨᠠᠩ ᠥᠨᠳᠥᠷ ᠪᠠᠶᠢᠳᠠᠭ᠃ ᠬᠡᠷᠪᠡ ᠵᠠᠷᠢᠮ ᠬᠥᠮᠦᠨ ᠭᠡᠨᠡᠳᠲᠡ ᠣᠮᠪᠣᠯᠣ ᠶᠢᠨ ᠨᠡᠷ᠎ᠡ ᠶᠢ ᠬᠡᠯᠡᠵᠦ᠂ ᠳᠠᠬᠢᠨ ᠶᠠᠮᠠᠷ ᠨᠢᠭᠡ ᠬᠤᠳᠠᠯ ᠦᠭᠡ ᠨᠡᠮᠡᠪᠡᠯ᠂ ᠨᠠᠰᠤᠲᠠᠨ ᠢᠶᠠᠷ ᠬᠠᠭᠠᠰ ᠨᠠᠰᠤᠨ ᠤ ᠬᠠᠳᠠᠭᠠᠯᠠᠮᠵᠢ ᠶᠢ ᠭᠠᠷᠭᠠᠭᠤᠯᠵᠤ ᠮᠡᠳᠡᠨ᠎ᠡ᠃    
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ