ᠭᠡᠷ ᠤᠨ ᠠᠬᠠᠮᠠᠳ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠬᠡᠷᠬᠢᠨ ᠬᠠᠮᠵᠢᠯᠴᠠᠨ ᠰᠠᠶᠢᠲᠤᠷ ᠬᠢᠬᠦ ᠪᠤᠢ︖
ᠨᠡᠶᠢᠲᠡᠯᠡᠭᠰᠡᠨ ᠴᠠᠭ᠄
2024/7/9
   ᠤᠯᠤᠰ ᠠᠴᠠ ᠬᠡᠤᠬᠡᠳ ᠤᠨ ᠪᠡᠶ᠎ᠡ ᠰᠡᠳᠬᠢᠯ ᠤᠨ ᠪᠤᠶᠢᠵᠢᠯᠲᠠ ᠪᠠ ᠡᠷᠡᠭᠦᠯ ᠢᠶᠠᠷ ᠦᠰᠦᠨ ᠪᠤᠶᠢᠵᠢᠬᠤ ᠶᠢ ᠳᠡᠭᠡᠰᠦ ᠬᠡᠮᠵᠢᠶ᠎ᠡ ᠪᠠᠷ ᠴᠢᠬᠤᠯᠠᠴᠢᠯᠠᠵᠤ᠂ 0 — 6 ᠨᠠᠰᠤᠨ ᠤ ᠬᠡᠤᠬᠡᠳ ᠲᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠬᠠᠮᠢᠶᠠᠷᠤᠯᠲᠠ ᠬᠠᠩᠭᠠᠵᠤ᠂ ᠬᠡᠤᠬᠡᠳ ᠤᠨ ᠭᠡᠷ ᠤᠨ ᠠᠬᠠᠮᠠᠳ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠬᠢᠨᠠᠮᠠᠭᠠᠶ ᠬᠠᠮᠵᠢᠯᠴᠠᠨ᠂ ᠬᠡᠤᠬᠡᠳ ᠤᠨ ᠡᠷᠡᠭᠦᠯ ᠮᠡᠨᠳᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃   1. ᠰᠠᠶ᠋ᠢ ᠲᠥᠷᠥᠭᠰᠡᠨ ᠬᠡᠤᠬᠡᠳ ᠢ ᠠᠶᠢᠯᠴᠢᠯᠠᠨ ᠦᠵᠡᠬᠦ ᠳᠤ ᠡᠮᠨᠡᠯᠭᠡ ᠶᠢᠨ ᠠᠵᠢᠯᠲᠠᠨ ᠭᠡᠷ  ᠲᠤᠨᠢ ᠬᠦᠷᠴᠦ ᠪᠠᠶᠢᠴᠠᠭᠠᠯᠲᠠ ᠬᠢᠬᠦ ᠠᠴᠠ ᠭᠠᠳᠠᠨ᠎ᠠ᠂ ᠪᠤᠰᠤᠳ ᠡᠯ᠎ᠡ ᠵᠦᠢᠯ ᠤᠨ ᠦᠢᠯᠡᠴᠢᠯᠡᠭᠡ ᠶᠢ ᠴᠥᠮ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠢᠨ᠎ᠡ᠃   2. ᠬᠡᠤᠬᠡᠳ ᠤᠨ ᠭᠡᠷ ᠤᠨ ᠠᠬᠠᠮᠠᠳ ᠪᠤᠶᠤ ᠬᠢᠨᠠᠨ ᠬᠠᠮᠠᠭᠠᠯᠠᠭᠴᠢ ᠨᠢ ᠪᠣᠯᠵᠣᠭᠰᠠᠨ ᠴᠠᠭ᠂ ᠭᠠᠵᠠᠷ ᠢᠶᠠᠨ ᠬᠡᠤᠬᠡᠳ ᠢᠶᠠᠨ ᠳᠠᠭᠠᠭᠤᠯᠤᠨ ᠣᠴᠢᠵᠣ ᠪᠡᠶ᠎ᠡ ᠶᠢᠨ ᠪᠠᠶᠢᠴᠠᠭᠠᠯᠲᠠ ᠬᠢᠯᠭᠡᠵᠦ᠂ ︽ᠡᠬᠡ ᠨᠢᠯᠬᠠᠰ ᠤᠨ ᠡᠷᠡᠭᠦᠯ ᠮᠡᠨᠳᠦ ᠶᠢᠨ ᠭᠠᠷ ᠳᠡᠪᠲᠡᠷ︾ ᠢ ᠪᠠᠶᠢᠭᠤᠯᠵᠤ᠂ ᠲᠣᠬᠢᠲᠠᠶ ᠰᠠᠶᠢᠬᠠᠨ ᠬᠠᠳᠠᠭᠠᠯᠠᠨ᠎ᠠ᠃   3. ᠡᠮᠴᠢ ᠶᠢᠨ ᠯᠠᠪᠯᠠᠨ ᠠᠰᠠᠭᠤᠬᠤ ᠳᠤ ᠦᠨᠡᠨ ᠮᠥᠨ ᠢᠶᠠᠷ ᠨᠢ ᠮᠡᠳᠡᠭᠳᠡᠵᠤ᠂ ᠪᠡᠶ᠎ᠡ ᠶᠢᠨ ᠪᠠᠶᠢᠴᠠᠭᠠᠯᠲᠠ ᠬᠢᠬᠦ ᠳᠤ ᠬᠠᠮᠵᠢᠯᠴᠠᠨ᠎ᠠ︔    4. ᠡᠮᠴᠢ ᠶᠢᠨ ᠡᠷᠡᠭᠦᠯ ᠮᠡᠨᠳᠦ ᠶᠢᠨ ᠵᠢᠯᠣᠭᠤᠳᠣᠯᠭ᠎ᠠ ᠪᠠ ᠬᠢᠲᠠᠳ ᠡᠮᠨᠡᠯᠭᠡ ᠶᠢᠨ ᠡᠷᠡᠭᠦᠯᠵᠢᠯ ᠤᠨ ᠮᠡᠳᠡᠯᠭᠡ ᠮᠡᠷᠭᠡᠵᠢᠯ ᠢ ᠰᠣᠨᠣᠰᠴᠤ᠂ ᠨᠠᠷᠢᠨ ᠬᠢᠨᠠᠮᠠᠭᠠᠶ ᠦᠢᠯᠡᠳᠦᠯᠭᠡᠵᠢᠭᠦᠯᠦᠨ᠎ᠡ᠃    5. ᠡᠪᠡᠳᠴᠢᠨ ᠤ ᠰᠢᠭᠰᠢᠨ ᠪᠠᠶᠢᠴᠠᠭᠠᠯᠲᠠ ᠬᠢᠵᠦ᠂ ᠬᠡᠷᠪᠡ ᠡᠷᠡᠭᠦᠯ ᠮᠡᠨᠳᠦ ᠶᠢᠨ ᠠᠰᠠᠭᠤᠳᠠᠯ ᠲᠠᠢ ᠪᠣᠯ ᠡᠮᠴᠢ ᠶᠢᠨ ᠵᠢᠭᠠᠪᠤᠷᠢ ᠪᠠᠷ ᠳᠠᠬᠢᠨ ᠪᠠᠶᠢᠴᠠᠭᠠᠬᠤ ᠪᠤᠶᠤ ᠰᠢᠯᠵᠢᠭᠦᠯᠦᠨ ᠣᠨᠣᠰᠢᠯᠠᠭᠤᠯᠤᠨ᠎ᠠ᠃
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ