8 ᠰᠠᠷ᠎ᠠ ᠳᠤ ᠡᠲᠡᠭᠡᠷ ᠰᠢᠨ᠎ᠡ ᠲᠣᠭᠲᠠᠭᠠᠯ ᠢ ᠡᠬᠢᠯᠡᠵᠤ ᠬᠡᠷᠡᠭᠵᠢᠬᠦᠯᠦᠨ᠎ᠡ
ᠨᠡᠶᠢᠲᠡᠯᠡᠭᠰᠡᠨ ᠴᠠᠭ᠄
2024/8/1
   ᠰᠠᠶᠢᠨ ᠰᠠᠶᠢᠬᠠᠨ ᠰᠦᠯᠵᠢᠶᠡᠨ ᠤ ᠤᠷᠴᠢᠨ ᠢ ᠪᠤᠢ ᠪᠣᠯᠭᠠᠬᠤ ᠳᠤ ᠬᠦᠴᠦ ᠨᠡᠮᠡᠷᠢᠯᠡᠵᠦ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠳᠤ ᠵᠠᠰᠠᠯᠳᠠ ᠬᠢᠨ᠎ᠡ︔ ᠰᠢᠶᠠᠩᠭᠠᠩ ᠣᠣᠮᠧᠨ ᠤ ᠬᠢᠯᠢ ᠪᠠᠷ ᠣᠷᠣᠵᠤ ᠢᠷᠡᠭᠰᠡᠨ ᠰᠠᠭᠤᠭᠠᠯᠢ ᠠᠷᠠᠳ ᠤᠨ ᠠᠪᠴᠤ ᠶᠠᠪᠤᠭ᠎ᠠ ᠪᠤᠭᠴᠤ ᠪᠤᠭᠤᠳᠠᠯ ᠤᠨ ᠭᠠᠶᠢᠯᠢ ᠠᠴᠠ ᠬᠡᠯᠲᠦᠷᠢᠭᠦᠯᠬᠦ ᠲᠤᠭ᠎ᠠ ᠬᠡᠮᠵᠢᠶ᠎ᠡ ᠶᠢ ᠳᠡᠭᠡᠭᠰᠢᠯᠡᠬᠦᠯᠦᠨ᠎ᠡ︔ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠨᠠᠩ ᠰᠠᠶᠢᠨ ᠪᠠᠲᠤᠯᠠᠨ᠎ᠠ ᠁ 8 ᠰᠠᠷ᠎ᠠ ᠳᠤ ᠪᠢᠳᠡᠨ ᠲᠠᠢ ᠬᠤᠯᠪᠤᠭᠳᠠᠬᠤ ᠡᠲᠡᠭᠡᠷ ᠰᠢᠨ᠎ᠡ ᠲᠣᠭᠲᠠᠭᠠᠯ ᠢ ᠡᠬᠢᠯᠡᠵᠤ ᠬᠡᠷᠡᠭᠵᠢᠬᠦᠯᠦᠨ᠎ᠡ᠂ ᠬᠠᠮᠳᠤ ᠪᠠᠷ ᠦᠵᠡᠶ᠎ᠡ᠃   ︽ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠳᠤ ᠵᠠᠰᠠᠯᠳᠠ ᠬᠢᠬᠦ ᠲᠣᠭᠲᠠᠭᠠᠯ︾ ᠢ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ   ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠬᠤᠪᠢ ᠶᠢᠨ ᠵᠠᠬᠢᠶ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠡᠷᠡᠭᠯᠡᠭᠴᠢ ᠶᠢᠨ ᠰᠠᠶᠢᠨ ᠨᠠᠶᠢᠵᠠ ᠶᠢᠨ ᠬᠤᠪᠢ ᠶᠢᠨ ᠵᠠᠬᠢᠶ᠎ᠠ ᠶᠢ ᠯᠠ ᠭᠥᠯᠢᠶᠡᠨ ᠠᠪᠬᠤ ᠪᠤᠶᠤ ᠪᠣᠶ ᠪᠦᠬᠦᠢ ᠬᠤᠪᠢ ᠶᠢᠨ ᠵᠠᠬᠢᠶ᠎ᠠ ᠶᠢ ᠭᠥᠯᠢᠶᠡᠨ ᠠᠪᠬᠤ ᠶᠢ ᠲᠡᠪᠴᠢᠬᠦ ᠵᠡᠷᠭᠡ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠰᠣᠩᠭᠤᠯᠲᠠ ᠶᠢ ᠲᠣᠬᠢᠷᠠᠭᠤᠯᠵᠤ᠂ ᠬᠤᠪᠢ ᠶᠢᠨ ᠵᠠᠬᠢᠶ᠎ᠠ ᠶᠢ ᠣᠶᠤᠨᠴᠢ ᠪᠠᠷ ᠬᠠᠯᠬᠠᠯᠠᠬᠤ ᠪᠤᠶᠤ ᠬᠤᠪᠢ ᠶᠢᠨ ᠵᠠᠬᠢᠶ᠎ᠠ ᠶᠢᠨ ᠬᠠᠯᠬᠠᠯᠠᠬᠤ ᠦᠭᠡ ᠶᠢ ᠥᠪᠡᠰᠦᠪᠡᠨ ᠲᠣᠳᠣᠷᠬᠠᠶᠢᠯᠠᠬᠤ ᠵᠡᠷᠭᠡ ᠴᠢᠳᠠᠮᠵᠢ ᠶᠢ ᠬᠠᠩᠭᠠᠬᠤ ᠶᠢ ᠵᠣᠷᠢᠭᠵᠢᠭᠤᠯᠬᠤ ᠬᠡᠷᠡᠭᠲᠡᠢ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠨᠢ ᠬᠡᠷᠡᠭᠯᠡᠭᠴᠢᠳ ᠲᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠷᠭᠡᠨ ᠭᠡᠷᠡᠴᠢ ᠠᠪᠬᠤ ᠵᠡᠷᠭᠡ ᠴᠢᠳᠠᠮᠵᠢ ᠶᠢ ᠬᠠᠩᠭᠠᠵᠤ᠂ ᠬᠠᠤᠯᠢ ᠶᠣᠰᠣᠭᠠᠷ ᠪᠣᠯᠵᠤᠭ᠎ᠠ ᠶᠣᠰᠣᠭᠠᠷ ᠬᠡᠷᠡᠭᠯᠡᠭᠴᠢ ᠶᠢᠨ ᠡᠷᠬᠡ ᠪᠠᠨ ᠬᠠᠮᠠᠭᠠᠯᠠᠬᠤ ᠳᠤ ᠲᠦᠬᠦᠮ ᠦᠵᠡᠭᠦᠯᠬᠦ ᠬᠡᠷᠡᠭᠲᠡᠢ ᠭᠡᠵᠦ ᠲᠣᠭᠲᠠᠭᠠᠯ ᠳᠤ ᠲᠣᠳᠣᠷᠬᠠᠢ ᠲᠣᠭᠲᠠᠭᠠᠭᠰᠠᠨ ᠪᠠᠶᠢᠨ᠎ᠠ᠃   ᠰᠢᠶᠠᠩᠭᠠᠩ ᠣᠣᠮᠧᠨ ᠤ ᠬᠢᠯᠢ ᠪᠠᠷ ᠣᠷᠣᠵᠤ ᠢᠷᠡᠭᠰᠡᠨ ᠰᠠᠭᠤᠭᠠᠯᠢ ᠠᠷᠠᠳ ᠤᠨ ᠠᠪᠴᠤ ᠶᠠᠪᠤᠭ᠎ᠠ ᠪᠤᠭᠴᠤ ᠪᠤᠭᠤᠳᠠᠯ ᠤᠨ ᠭᠠᠶᠢᠯᠢ ᠠᠴᠠ ᠬᠡᠯᠲᠦᠷᠢᠭᠦᠯᠬᠦ ᠳᠤᠭ᠎ᠠ ᠬᠡᠮᠵᠢᠶ᠎ᠡ ᠶᠢ ᠳᠡᠭᠡᠭᠰᠢᠯᠡᠬᠦᠯᠪᠡ   ᠰᠢᠶᠠᠩᠭᠠᠩ ᠣᠣᠮᠧᠨ ᠤ ᠬᠢᠯᠢ ᠪᠠᠷ ᠣᠷᠣᠵᠤ ᠢᠷᠡᠭᠰᠡᠨ ᠰᠠᠭᠤᠭᠠᠯᠢ ᠠᠷᠠᠳ ᠤᠨ ᠠᠪᠴᠤ ᠶᠠᠪᠤᠭ᠎ᠠ ᠪᠤᠭᠴᠤ ᠪᠤᠭᠤᠳᠠᠯ ᠤᠨ ᠭᠠᠶᠢᠯᠢ ᠠᠴᠠ ᠬᠡᠯᠲᠦᠷᠢᠭᠦᠯᠬᠦ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ ᠲᠤᠬᠠᠢ ᠠᠯᠪᠠᠨ ᠵᠠᠷᠯᠠᠯ ᠢ 8 ᠰᠠᠷ᠎ᠠ ᠶᠢᠨ 1 ᠤ ᠡᠳᠦᠷ ᠠᠴᠠ ᠡᠬᠢᠯᠡᠨ ᠾᠧᠩ ᠴᠢᠨ ︽ᠨᠢᠭᠡᠳᠦᠭᠡᠷ ᠱᠤᠭᠤᠮ︾ ᠤᠨ ᠪᠣᠭᠤᠮᠲᠠ ᠠᠴᠠ ᠪᠤᠰᠤᠳ ᠬᠢᠯᠢ ᠪᠠᠷ ᠣᠷᠣᠵᠤ ᠢᠷᠡᠬᠦ ᠪᠥᠬᠦ ᠪᠣᠭᠤᠮᠲᠠ ᠳᠤ ᠬᠦᠷᠲᠡᠯ᠎ᠡ ᠳᠡᠯᠭᠡᠷᠡᠭᠦᠯᠦᠨ᠎ᠡ᠃   ᠠᠯᠪᠠᠨ ᠵᠠᠷᠯᠠᠯ ᠳᠤ ᠰᠢᠶᠠᠩᠭᠠᠩ᠂ ᠣᠣᠮᠧᠨ ᠤ ᠬᠢᠯᠢ ᠪᠠᠷ ᠣᠷᠣᠵᠤ ᠢᠷᠡᠭᠰᠡᠨ᠂ ᠪᠦᠬᠦᠯᠢ 18 ᠨᠠᠰᠤ ᠬᠦᠷᠦᠭᠰᠡᠨ ᠰᠠᠭᠤᠭᠠᠯᠢ ᠠᠷᠠᠳ ᠤᠨ ᠬᠢᠯᠢ ᠢᠢᠨ ᠭᠠᠳᠠᠨ᠎ᠠ ᠠᠴᠠ ᠠᠪᠴᠤ ᠶᠠᠪᠤᠭ᠎ᠠ ᠬᠤᠪᠢ ᠬᠥᠮᠥᠨ ᠤ ᠵᠦᠢ ᠵᠣᠬᠢᠰᠲᠠᠢ ᠥᠪᠡᠷ ᠤᠨ ᠬᠡᠷᠡᠭᠯᠡᠬᠦ ᠪᠤᠭᠴᠤ ᠪᠤᠭᠤᠳᠠᠯ ᠤᠨ ᠶᠡᠷᠦᠩᠬᠡᠢ ᠥᠷᠲᠡᠭ ᠨᠢ 12000 ᠲᠥᠭᠦᠷᠢᠭ ᠤᠨ ᠳᠣᠲᠣᠷ᠎ᠠ ︵12000 ᠲᠥᠭᠦᠷᠢᠭ ᠢ ᠪᠠᠭᠲᠠᠭᠠᠨ᠎ᠠ︶ ᠪᠠᠶᠢᠪᠠᠯ ᠭᠠᠶᠢᠯᠢ ᠠᠴᠠ ᠬᠡᠯᠲᠦᠷᠢᠭᠦᠯᠵᠦ ᠶᠠᠪᠤᠭᠤᠯᠤᠨ᠎ᠠ᠃  ︽ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ︾ ᠢ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ   ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠥᠷᠢᠰᠦᠯᠳᠦᠭᠡᠨ ᠢ ᠪᠠᠲᠤᠯᠠᠬᠤ ᠶᠢᠨ ᠲᠥᠯᠥᠭᠡ ᠳᠦᠷᠢᠮ ᠳᠤ ᠡᠵᠡᠩᠨᠡᠯᠲᠡ ᠶᠢᠨ ᠭᠤᠣᠯ ᠴᠣᠭᠴᠠ ᠶᠢᠨ ᠠᠮᠢ ᠨᠠᠰᠤᠨ ᠤ ᠪᠦᠬᠦ ᠦᠶᠡᠯᠡᠯ ᠤᠨ ᠬᠤᠭᠤᠴᠠᠭ᠎ᠠ᠂ ᠡᠵᠡᠩᠨᠡᠯᠲᠡ ᠶᠢᠨ ᠪᠦᠬᠦ ᠬᠡᠯᠬᠢᠶ᠎ᠡ ᠶᠢ ᠬᠠᠮᠤᠷᠤᠭᠰᠠᠨ ᠬᠢᠨᠠᠨ ᠪᠠᠶᠢᠴᠠᠭᠠᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠪᠠ᠃ ᠵᠢᠱᠢᠶᠡᠯᠡᠪᠡᠯ᠂ ᠳᠦᠷᠢᠮ ᠳᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠳᠠᠯ᠎ᠠ ᠶᠢᠨ ᠨᠠᠷᠢᠨ ᠳᠠᠩᠰᠠᠨ ᠠᠴᠠ ᠭᠠᠳᠠᠨᠠᠬᠢ ᠠᠵᠢᠯ ᠲᠥᠷᠥᠯ᠂ ᠬᠦᠷᠢᠶ᠎ᠡ ᠴᠠᠷᠠᠭ᠎ᠠ᠂ ᠲᠤᠬᠠᠶᠢᠯᠠᠭᠰᠠᠨ ᠠᠵᠢᠯ ᠵᠡᠷᠭᠡ ᠳᠤ ᠬᠠᠤᠯᠢ ᠶᠢ ᠵᠥᠷᠢᠴᠡᠨ ᠬᠢᠨᠠᠨ ᠵᠥᠪᠰᠢᠶᠡᠷᠡᠬᠦ ᠵᠢᠷᠤᠮ᠂ ᠵᠠᠷᠢᠮ ᠵᠦᠢ ᠵᠣᠬᠢᠰ ᠦᠭᠡᠢ ᠪᠤᠶᠤ ᠭᠠᠳᠠᠭᠤᠷᠴᠢᠯᠠᠯ ᠤᠨ ᠴᠢᠨᠠᠷᠲᠠᠢ ᠣᠷᠣᠬᠤ ᠶᠢ ᠵᠥᠪᠰᠢᠶᠡᠷᠡᠬᠦ ᠨᠥᠬᠦᠴᠡᠯ ᠭᠠᠷᠭᠠᠵᠤ ᠪᠣᠯᠬᠤ ᠦᠭᠡᠢ᠂ ᠪᠠᠰᠠ ᠬᠠᠤᠯᠢ ᠶᠢ ᠵᠥᠷᠢᠴᠡᠨ ᠳᠤᠬᠢᠷᠠᠭᠤᠯᠬᠤ ᠪᠤᠶᠤ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠣᠯᠭᠤᠬᠤ᠂ ᠠᠷᠠᠯᠵᠢᠶ᠎ᠠ ᠶᠢ ᠬᠢᠵᠠᠭᠠᠷᠯᠠᠬᠤ ᠵᠡᠷᠭᠡ ᠠᠷᠭ᠎ᠠ ᠮᠠᠶ᠋ᠢᠭ ᠢᠶᠠᠷ ᠵᠠᠬ᠎ᠠ ᠳᠡᠯᠭᠡᠭᠦᠷ ᠲᠤ ᠭᠤᠥᠯᠴᠢ ᠪᠠᠷ ᠣᠷᠣᠬᠤ ᠶᠢ ᠬᠠᠷᠰᠢᠯᠠᠵᠤ ᠪᠣᠯᠬᠤ ᠦᠭᠡᠢ ᠭᠡᠵᠤ ᠳᠤᠭᠳᠠᠭᠠᠪᠠ᠃   ︽ᠪᠠᠶᠢᠭᠠᠯᠢ ᠶᠢᠨ ᠰᠢᠲᠠᠮᠠᠬᠠᠢ ᠬᠡᠢ ᠶᠢ ᠠᠰᠢᠭᠯᠠᠬᠤ ᠬᠠᠮᠢᠶᠠᠷᠤᠯᠲᠠ ᠶᠢᠨ ᠠᠷᠭ᠎ᠠ︾ ᠶᠢ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ   ᠠᠷᠭ᠎ᠠ ᠳᠤ ᠪᠠᠶᠢᠭᠠᠯᠢ ᠶᠢᠨ ᠰᠢᠲᠠᠮᠠᠬᠠᠢ ᠬᠡᠢ ᠶᠢ ᠠᠰᠢᠭᠯᠠᠬᠤ ᠴᠢᠭᠯᠡᠯ ᠨᠢ ᠮᠥᠨ ᠬᠦ ︽ᠤᠷᠢᠳ ᠢᠶᠠᠷ ᠬᠡᠷᠡᠭᠯᠡᠬᠦ ᠲᠥᠷᠥᠯ᠂ ᠬᠢᠵᠠᠭᠠᠷᠯᠠᠬᠤ ᠲᠥᠷᠥᠯ᠂ ᠴᠠᠭᠠᠵᠠᠯᠠᠬᠤ ᠲᠥᠷᠥᠯ᠂ ᠵᠥᠪᠰᠢᠶᠡᠷᠡᠬᠦ ᠲᠥᠷᠥᠯ︾ ᠢ ᠦᠷᠭᠦᠯᠵᠢᠯᠡᠨ ᠠᠰᠢᠭᠯᠠᠨ᠎ᠠ ᠭᠡᠵᠦ ᠲᠣᠭᠲᠠᠭᠠᠭᠰᠠᠨ ᠪᠥᠭᠡᠳ ᠳᠥᠷᠪᠡᠨ ᠲᠥᠷᠥᠯ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠠᠰᠢᠭᠯᠠᠬᠤ ᠴᠢᠭᠯᠡᠯ ᠤᠨ ᠠᠭᠤᠯᠤᠭᠳᠠᠬᠤᠨ ᠵᠢᠴᠢ ᠪᠣᠳᠠᠲᠠᠢ ᠠᠵᠢᠯ ᠤᠨ ᠱᠠᠭᠠᠷᠳᠠᠯᠭ᠎ᠠ ᠶᠢ ᠨᠥᠬᠦᠪᠦᠷᠢᠯᠡᠨ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠵᠢᠯᠤᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃ ᠠᠷᠭ᠎ᠠ ᠳᠤ ᠤᠷᠢᠳ ᠢᠶᠠᠷ ᠬᠡᠷᠡᠭᠯᠡᠬᠦ ᠲᠥᠷᠥᠯ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠠᠰᠢᠭᠯᠠᠬᠤ ᠴᠢᠭᠯᠡᠯ ᠳᠤ ᠬᠡᠢ ᠬᠡᠷᠡᠭᠯᠡᠬᠦ ᠪᠠᠳᠤᠯᠠᠭ᠎ᠠ ᠤᠯᠭᠤᠨ᠎ᠠ︔ ᠪᠠᠶᠢᠭᠠᠯᠢ ᠶᠢᠨ ᠰᠢᠲᠠᠮᠠᠬᠠᠢ ᠬᠡᠢ ᠶᠢ ᠠᠰᠢᠭᠯᠠᠬᠤ ᠶᠢ ᠬᠢᠵᠠᠭᠠᠷᠯᠠᠬᠤ ᠲᠦᠷᠦᠯ ᠳᠤ ᠬᠠᠮᠢᠶ᠎ᠠ ᠪᠦᠬᠦᠢ ᠦᠢᠯᠡᠳᠪᠦᠷᠢᠯᠡᠬᠦ ᠴᠢᠳᠠᠪᠤᠷᠢ ᠶᠢ ᠳᠠᠭᠢᠵᠤ ᠰᠢᠨ᠎ᠡ ᠪᠠᠷ ᠪᠠᠶᠢᠭᠤᠯᠬᠤ ᠦᠭᠡᠢ᠂ ᠥᠷᠭᠡᠳᠬᠡᠨ ᠪᠠᠶᠢᠭᠤᠯᠬᠤ ᠦᠭᠡᠢ︔ ᠪᠠᠶᠢᠭᠠᠯᠢ ᠶᠢᠨ ᠰᠢᠲᠠᠮᠠᠬᠠᠢ ᠬᠡᠢ ᠶᠢ ᠠᠰᠢᠭᠯᠠᠬᠤ ᠶᠢ ᠴᠠᠭᠠᠵᠠᠯᠠᠬᠤ ᠲᠦᠷᠦᠯ ᠤᠨ ᠳᠡᠭᠡᠳᠦ ᠤᠷᠤᠰᠬᠠᠯ ᠤᠨ ᠠᠵᠤ ᠠᠬᠤᠶᠢᠯᠠᠯ ᠳᠤ ᠬᠡᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠳᠠᠭᠢᠵᠤ ᠬᠠᠩᠭᠠᠬᠤ ᠦᠭᠡᠢ ᠭᠡᠵᠤ ᠳᠤᠭᠳᠠᠭᠠᠪᠠ᠃   ︽ᠴᠢᠬᠤᠯᠠ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ 8 ᠰᠠᠷ᠎ᠠ ᠶᠢᠨ 11 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ   ᠠᠷᠭ᠎ᠠ ᠳᠤ ᠳᠤᠷᠠᠳᠤᠭᠰᠠᠨ ᠨᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠬᠠᠤᠯᠢ ᠶᠣᠰᠣᠭᠠᠷ ᠪᠠᠶᠢᠭᠤᠯᠤᠭᠳᠠᠭᠰᠠᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠢᠴᠢ ᠪᠤᠰᠤᠳ ᠵᠣᠬᠢᠶᠠᠨ ᠪᠠᠶᠢᠭᠤᠯᠤᠯᠲᠠ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠵᠦ ᠪᠣᠯᠣᠨ᠎ᠠ᠃ ︽ᠳᠤᠮᠳᠠᠳᠤ ᠤᠯᠤᠰ︾᠂ ︽ᠪᠦᠬᠦ ᠤᠯᠤᠰ︾ ᠭᠡᠬᠦ ᠵᠡᠷᠭᠡ ᠦᠰᠦᠭ ᠲᠠᠢ ᠦᠨ᠎ᠡ ᠬᠠᠩᠰᠢ ᠢᠢᠨ ᠵᠢᠭᠠᠯᠳᠠ ᠲᠤᠭ᠎ᠠ ᠨᠢ ᠡᠷᠬᠡᠪᠰᠢ ᠮᠡᠳᠡᠭᠡ ᠵᠠᠩᠭᠢ ᠴᠤᠭᠯᠠᠭᠤᠯᠬᠤ ᠴᠡᠭ ᠤᠨ ᠬᠠᠮᠤᠷᠤᠭᠰᠠᠨ ᠲᠠᠸᠠᠷ ᠪᠤᠶᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠡᠪᠴᠢᠶ᠎ᠡ ᠢᠢᠨ ᠪᠦᠬᠦ ᠤᠯᠤᠰ ᠤᠨ ᠵᠠᠬ᠎ᠠ ᠳᠡᠯᠭᠡᠭᠦᠷ ᠲᠠᠬᠢ ᠡᠵᠡᠯᠡᠬᠦ ᠬᠠᠷᠢᠴᠠᠯ ᠵᠢᠴᠢ ᠲᠤᠰ ᠬᠠᠮᠤᠷᠬᠤ ᠬᠡᠪᠴᠢᠶ᠎ᠡ ᠨᠢ ᠪᠦᠬᠦ ᠤᠯᠤᠰ ᠤᠨ ᠵᠠᠬ᠎ᠠ ᠳᠡᠯᠭᠡᠭᠦᠷ ᠤᠨ ᠦᠨ᠎ᠡ ᠬᠠᠩᠰᠢ  ᠶᠢᠨ ᠪᠠᠶᠢᠳᠠᠯ ᠢ ᠣᠨᠣᠪᠴᠢᠲᠠᠶ ᠪᠥᠭᠡᠳ ᠪᠦᠲᠦᠮᠵᠢᠲᠡᠶ ᠪᠠᠷ ᠲᠤᠰᠬᠠᠵᠤ ᠴᠢᠳᠠᠨ᠎ᠠ ᠭᠡᠳᠡᠭ ᠢ ᠦᠨ᠎ᠡ ᠬᠠᠩᠰᠢ  ᠶᠢᠨ ᠵᠢᠭᠠᠯᠳᠠ ᠲᠤᠭ᠎ᠠ ᠢᠢ ᠨᠠᠶᠢᠷᠠᠭᠤᠯᠤᠨ ᠵᠣᠬᠢᠶᠠᠭᠰᠠᠨ ᠲᠥᠰᠥᠯ ᠳᠡᠭᠡᠨ ᠭᠦᠢᠴᠡᠳ ᠭᠡᠷᠡᠴᠢᠯᠡᠬᠦ ᠬᠡᠷᠡᠭᠲᠡᠢ᠃   ︽ᠬᠤᠪᠢ ᠬᠥᠮᠥᠨ ᠤ ᠴᠤᠭᠯᠠᠭᠤᠯᠤᠭᠰᠠᠨ ᠦᠨᠡᠲᠦ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ ᠵᠢᠯᠣᠭᠤᠳᠤᠮᠵᠢ︾ ᠶᠢ 8 ᠰᠠᠷ᠎ᠠ ᠶᠢᠨ 1 ᠤ ᠡᠳᠦᠷ ᠠᠴᠠ ᠡᠬᠢᠯᠡᠵᠤ ᠬᠡᠷᠡᠭᠵᠢᠬᠦᠯᠦᠨ᠎ᠡ   ᠵᠢᠯᠤᠭᠤᠳᠤᠮᠵᠢ ᠳᠤ ᠨᠠᠭᠠᠲᠤ ᠵᠠᠬ᠎ᠠ ᠶᠢᠨ ᠣᠷᠣᠰᠢᠨ ᠦᠷᠭᠦᠯᠵᠢᠯᠡᠬᠦ ᠬᠡᠪᠴᠢᠶ᠎ᠡ ᠶᠢ 500 ᠲᠦᠮᠡᠨ ᠲᠥᠭᠦᠷᠢᠭ ᠪᠣᠯᠲᠠᠯ᠎ᠠ ᠪᠠᠭᠤᠷᠠᠭᠤᠯᠵᠤ᠂ ᠣᠷᠳᠣ ᠬᠤᠭᠤᠴᠠᠭ᠎ᠠ ᠪᠠᠷ 500 ᠲᠦᠮᠡᠨ ᠲᠥᠭᠦᠷᠢᠭ ᠤᠨ ᠬᠡᠪᠴᠢᠶ᠎ᠡ ᠠᠴᠠ ᠳᠣᠣᠷ᠎ᠠ ᠪᠠᠶᠢᠬᠤ ᠰᠠᠭᠤᠷᠢ ᠮᠥᠩᠭᠦ ᠶᠢ ᠭᠤᠶᠤᠴᠢᠯᠠᠨ ᠬᠤᠳᠠᠯᠳᠤᠨ ᠠᠪᠬᠤ ᠶᠢ ᠵᠣᠭᠰᠤᠭᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠵᠢᠯᠤᠭᠤᠳᠤᠮᠵᠢ ᠳᠤ ᠬᠤᠣᠰ 25% ᠶᠢᠨ ᠬᠠᠮ ᠪᠡᠯᠡ ᠣᠷᠣᠭᠤᠯᠤᠯᠲᠠ ᠶᠢᠨ ᠱᠠᠭᠠᠷᠳᠠᠯᠭ᠎ᠠ ᠶᠢ ᠳᠤᠷᠠᠳᠤᠨ ᠭᠠᠷᠭᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ