ᠤᠷᠠᠳ ᠤᠨ ᠡᠮᠦᠨᠡᠲᠦ ᠬᠤᠰᠢᠭᠤ ︽ᠵᠠᠯᠠᠭᠤ ᠨᠠᠰᠤᠨ ᠳᠠᠭᠠᠨ ᠬᠦᠨᠳᠦᠳᠬᠡᠯ ᠳᠡᠪᠰᠢᠭᠦᠯᠵᠦ ᠡᠷᠡᠮᠡᠬᠡᠶᠢᠯᠡᠨ ᠤᠷᠤᠭᠰᠢᠯᠠᠶ᠎ᠠ︾ ᠨᠤᠲᠤᠭ ᠲᠠᠭᠠᠨ ᠪᠤᠴᠠᠭᠰᠠᠨ ᠪᠢᠩᠲ᠋ᠤᠸᠠᠨ ᠤ ᠪᠠᠶᠢᠯᠳᠤᠭᠴᠢᠳ ︵ᠰᠡᠬᠡᠭᠡᠲᠡᠨ ᠵᠠᠯᠠᠭᠤᠴᠤᠳ︶ ᠬᠤᠶᠠᠳᠣᠭᠠᠷ ᠨᠣᠲᠤᠭ ᠢᠶᠠᠨ  ᠪᠥᠲᠥᠭᠡᠨ ᠪᠠᠶᠢᠭᠤᠯᠬᠤ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/8/2
    8 ᠰᠠᠷ᠎ᠠ ᠶᠢᠨ 1 ᠤ ᠡᠳᠦᠷ᠂ ᠤᠷᠠᠳ ᠤᠨ ᠡᠮᠦᠨᠡᠲᠦ ᠬᠤᠰᠢᠭᠤ ︽ᠵᠠᠯᠠᠭᠤ ᠨᠠᠰᠤᠨ ᠳᠠᠭᠠᠨ ᠬᠦᠨᠳᠦᠳᠬᠡᠯ ᠳᠡᠪᠰᠢᠭᠦᠯᠵᠦ ᠡᠷᠡᠮᠡᠬᠡᠶᠢᠯᠡᠨ ᠤᠷᠤᠭᠰᠢᠯᠠᠶ᠎ᠠ︾ ᠨᠤᠲᠤᠭ ᠲᠠᠭᠠᠨ ᠪᠣᠴᠠᠭᠰᠠᠨ ᠪᠢᠩᠲ᠋ᠤᠸᠠᠨ ᠤ ᠪᠠᠶᠢᠯᠳᠤᠭᠴᠢᠳ ︵ᠰᠡᠬᠡᠭᠡᠲᠡᠨ ᠵᠠᠯᠠᠭᠤᠴᠤᠳ︶ ᠬᠤᠶᠠᠳᠣᠭᠠᠷ ᠨᠣᠲᠤᠭ ᠢᠶᠠᠨ ᠪᠥᠲᠥᠭᠡᠨ ᠪᠠᠶᠢᠭᠤᠯᠬᠤ ᠶᠠᠷᠢᠯᠴᠠᠬᠤ ᠬᠤᠷᠠᠯ ᠬᠤᠷᠠᠯᠳᠤᠪᠠ᠃ ᠰᠣᠶᠣᠯᠲᠤ᠂ ᠸᠠᠩ ᠵᠢᠶᠦ᠋ᠨ ᠵᠢᠶᠧ᠂  ᠠᠯᠳ᠋ᠬᠠᠭᠤᠯᠠ᠂ ᠬᠤᠤ ᠮᠢᠨ᠂  ᠪᠠᠶᠠᠨᠪᠢᠯᠢᠭ᠌᠂ ᠵᠧᠩ ᠺᠧ᠂ ᠯᠢᠦ ᠵᠢᠶᠠ ᠶᠦᠨ᠂ ᠹᠠᠨ ᠵᠢᠶᠦ᠋ᠨ ᠾᠦᠢ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ  ᠮᠣᠨᠠ ᠠᠭᠤᠯᠠ ᠪᠠᠯᠭᠠᠰᠤ᠂ ᠡᠯ᠎ᠡ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠣᠷᠣᠯᠴᠠᠪᠠ᠃

1.jpg

   ᠶᠠᠷᠢᠯᠴᠠᠬᠤ ᠬᠤᠷᠠᠯ  ᠳᠤ᠂ ᠹᠠᠨ ᠵᠢᠶᠦ᠋ᠨ ᠾᠦᠢ ᠠᠴᠠ  ᠪᠦᠭᠦ ᠬᠤᠰᠢᠭᠤᠨ ᠤ ᠲᠦᠢᠮᠣ ᠪᠠᠶᠢᠳᠠᠯ ᠢ ᠲᠠᠨᠢᠯᠴᠠᠭᠤᠯᠵᠠᠶ᠃ ᠯᠢ ᠹᠸᠢ᠂ ᠸᠠᠩ ᠴᠢᠶᠠᠩ᠂

ᠯᠢᠦ ᠰᠢᠶᠠᠩ ᠦ᠋ ᠵᠡᠷᠭᠡ 10 ᠪᠢᠩᠲ᠋ᠤᠸᠠᠨ ᠤ ᠪᠠᠶᠢᠯᠳᠤᠭᠴᠢ ︵ᠰᠡᠬᠡᠭᠡᠲᠡᠨ ᠵᠠᠯᠠᠭᠤ︶ ᠶᠢᠨ ᠲᠥᠯᠥᠭᠡᠯᠡᠭᠴᠢ  ᠶᠠᠷᠢᠶ᠎ᠠ ᠲᠠᠯᠪᠢᠵᠤ᠂ ᠲᠤᠬᠠᠢ ᠶᠢᠨ ᠵᠢᠯ ᠤᠨ

ᠬᠠᠲᠠᠭᠤᠵᠢᠯᠲᠠᠢ ᠣᠨ ᠰᠠᠷ᠎ᠠ ᠪᠣᠯᠤᠨ ᠮᠠᠷᠲᠠᠭᠳᠠᠰᠢ ᠦᠭᠡᠢ ᠥᠩᠭᠡᠷᠡᠯᠲᠡ ᠪᠠᠨ  ᠡᠷᠭᠢᠴᠡᠭᠦᠯᠵᠦ᠂ ᠬᠤᠶᠠᠳᠣᠭᠠᠷ ᠨᠤᠲᠤᠭ ᠲᠠᠭᠠᠨ ᠪᠤᠴᠠᠭᠰᠠᠨ

ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠵᠠᠢ᠃ ᠲᠡᠳᠡ᠂ ᠤᠷᠠᠳ ᠤᠨ ᠡᠮᠦᠨᠡᠲᠦ ᠬᠤᠰᠢᠭᠤᠨ ᠳᠤ ᠠᠵᠢᠯᠯᠠᠵᠤ ᠠᠮᠢᠳᠤᠷᠠᠭᠰᠠᠨ ᠥᠩᠭᠡᠷᠡᠯᠲᠡ ᠪᠣᠯ

ᠨᠠᠰᠤᠨ ᠲᠤᠷᠰᠢᠳᠠ ᠶᠢᠨ ᠮᠠᠷᠲᠠᠭᠳᠠᠰᠢ ᠥᠬᠡᠶ ᠡᠷᠭᠢᠴᠡᠭᠦᠯᠦᠯ ᠮᠥᠨ᠂ ᠮᠥᠨ ᠴᠦ ᠬᠥᠮᠦᠨ ᠤ ᠠᠮᠢᠳᠤᠷᠠᠯ ᠤᠨ ᠳᠤᠮᠳᠠᠬᠢ ᠡᠷᠬᠢᠮ ᠨᠠᠨᠳᠢᠨ ᠣᠶᠤᠨ

ᠰᠠᠨᠠᠭᠠᠨ ᠤ ᠥᠪ ᠬᠥᠷᠥᠩᠭᠡ ᠮᠥᠨ᠂ 55 ᠵᠢᠯ ᠤᠨ ᠡᠮᠦᠨᠡᠬᠢ ᠲᠠᠢ ᠬᠠᠷᠢᠴᠠᠭᠤᠯᠪᠠᠯ᠂ ᠬᠤᠶᠠᠳᠤᠭᠠᠷ ᠡᠬᠡ ᠨᠤᠲᠤᠭ ᠤᠨ ᠠᠵᠤ ᠠᠬᠤᠶ ᠶᠢᠨ ᠬᠥᠭᠵᠢᠯᠲᠡ

᠂ ᠠᠮᠢ ᠠᠬᠤᠶ ᠶᠢᠨ ᠣᠷᠴᠢᠨ ᠨᠥᠬᠦᠴᠡᠯ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢᠨ ᠲᠠᠯ᠎ᠠ ᠪᠠᠷ ᠴᠥᠮ ᠲᠩᠷᠢ ᠭᠠᠵᠠᠷ ᠢ ᠳᠣᠩᠰᠣᠯᠭᠠᠮ᠎ᠠ

ᠬᠤᠪᠢᠷᠠᠯᠲᠠ ᠭᠠᠷᠣᠭᠰᠠᠨ ᠪᠠᠶᠢᠨ᠎ᠠ ᠬᠡᠮᠡᠨ ᠢᠯᠡᠷᠬᠡᠶᠢᠯᠡᠬᠦ ᠶᠢᠨ ᠬᠠᠮᠲᠣ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ ᠵᠡᠷᠭᠡ

ᠰᠢᠨ᠎ᠡ ᠪᠠᠷ ᠬᠥᠭᠵᠢᠭᠰᠡᠨ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ

ᠰᠠᠨᠠᠭᠤᠯᠭ᠎ᠠ ᠳᠤᠷᠠᠳᠤᠭᠰᠠᠨ ᠪᠠᠶᠢᠨ᠎ᠠ᠃

2.jpg

     

   ᠰᠣᠶᠣᠯᠲᠤ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠪᠣᠯᠤᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ

ᠲᠥᠯᠥᠭᠡᠯᠡᠨ ᠡᠯ᠎ᠡ ᠪᠢᠩᠲ᠋ᠤᠸᠠᠨ ᠤ ᠪᠠᠶᠢᠯᠳᠤᠭᠴᠢ ︵ᠰᠡᠬᠡᠭᠡᠲᠡᠨ︶ ᠶᠢᠨ ᠬᠠᠯᠠᠮᠵᠢᠯᠠᠯ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ

ᠢᠯᠡᠳᠭᠡᠪᠡ᠃ ᠲᠡᠷᠡ  ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠤᠨ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ

ᠬᠡᠯᠪᠡᠷᠢ ᠶᠢ ᠬᠤᠪᠢᠷᠠᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ᠂ ᠠᠮᠢ ᠠᠬᠤᠶ ᠶᠢᠨ

ᠣᠷᠴᠢᠨ ᠲᠣᠭᠤᠷᠢᠨ ᠢ ᠵᠠᠰᠠᠬᠤ ᠵᠡᠷᠭᠡ ᠲᠠᠯ᠎ᠠ ᠪᠠᠷ ᠰᠠᠶᠢᠨ ᠦᠷ᠎ᠡ ᠪᠦᠲᠦᠮᠵᠢ ᠣᠯᠣᠭᠰᠠᠨ ᠨᠢ ᠴᠡᠷᠢᠭ ᠠᠩᠭᠢ ᠶᠢᠨ ᠪᠠᠶᠢᠯᠳᠤᠭᠴᠢ ︵ᠰᠡᠬᠡᠭᠡᠲᠡᠨ︶ ᠶᠢᠨ

ᠬᠠᠪᠰᠤᠷᠤᠯᠭ᠎ᠠ ᠠᠴᠠ ᠰᠠᠯᠵᠤ ᠴᠢᠳᠠᠬᠤ ᠥᠬᠡᠶ ᠶᠤᠮ ᠭᠡᠵᠡᠶ᠃  ᠲᠠᠷᠠᠭᠠᠴᠢ ᠶᠢᠨ ᠠᠯᠬᠤᠮ ᠳᠤ᠂ ᠣᠯᠠᠨ ᠢᠶᠠᠷ ᠢᠶᠠᠨ ︽ᠦᠷᠭᠦᠯᠵᠢ ᠭᠡᠷ ᠲᠡᠭᠡᠨ ᠬᠠᠷᠢᠵᠤ︾

᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂

ᠤᠮᠠᠷᠠᠲᠤ ᠬᠢᠯᠢ ᠶᠢᠨ ᠰᠣᠶᠣᠯ ᠤᠨ ︽ᠤᠷᠠᠳ ᠤᠨ ᠡᠮᠦᠨᠡᠲᠦ ᠬᠤᠰᠢᠭᠤᠨ ᠤ ᠬᠠᠭᠤᠳᠠᠰᠤ︾ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ

ᠠᠵᠢᠯ ᠤᠨ ᠲᠠᠯ᠎ᠠ ᠪᠠᠷ᠂ ᠥᠩᠭᠡᠷᠡᠭᠰᠡᠨ ᠲᠠᠢ ᠪᠠᠨ ᠠᠳᠠᠯᠢ ᠪᠠᠷ ᠤᠷᠠᠳ ᠤᠨ ᠡᠮᠦᠨᠡᠲᠦ ᠬᠤᠰᠢᠭᠤᠨ ᠳᠤ  ᠠᠷᠭ᠎ᠠ ᠤᠬᠠᠭᠠᠨ ᠭᠠᠷᠭᠠᠵᠤ᠂ ᠡᠬᠢ ᠪᠠᠶᠠᠯᠢᠭ ᠢ

ᠲᠠᠨᠢᠯᠴᠠᠭᠤᠯᠣᠨ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ

ᠶᠠᠪᠤᠳᠠᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠳᠤ ᠬᠦᠴᠦᠨ ᠢᠶᠠᠨ ᠡᠷᠬᠦᠵᠦ᠂ ︽

ᠦᠢᠯᠡᠰ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠵᠤ᠂ ᠦᠵᠡᠮᠵᠢ ᠭᠤᠶᠢᠲᠠ ᠬᠥᠮᠦᠨ ᠠᠷᠠᠳ ᠡᠶ᠎ᠡ ᠨᠠᠶᠢᠷᠠᠮᠳᠠᠭᠤ ᠪᠣᠯᠭᠠᠵᠤ᠂ ᠠᠭᠤᠰᠤᠯᠴᠠᠭᠤᠯᠤᠨ

ᠨᠡᠭᠡᠭᠡᠯᠲᠡ ᠲᠠᠢ ᠪᠣᠯᠭᠠᠬᠤ︾ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤ ᠶᠢ ᠲᠦᠷᠭᠡᠳᠬᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠶ᠃

3.jpg

    

    ᠶᠠᠷᠢᠯᠴᠠᠬᠤ ᠬᠤᠷᠠᠯ ᠳᠤ ᠪᠠᠰᠠ ᠪᠦᠭᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠵᠡᠶ᠃

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ