ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠢ ᠬᠢᠨᠠᠨ ᠰᠢᠯᠭᠠᠬᠤ ᠠᠷᠭ᠎ᠠ︾ ︵ᠳᠣᠷᠣᠭᠰᠢ ︽ᠬᠢᠨᠠᠨ ᠰᠢᠯᠭᠠᠬᠤ ᠠᠷᠭ᠎ᠠ︾ ᠭᠡᠵᠦ ᠲᠣᠪᠴᠢᠯᠠᠨ᠎ᠠ︶ ᠶᠢ | ᠣᠶᠢᠷ᠎ᠠ ᠳᠤ ᠳᠠᠷᠤᠮᠠᠯᠯᠠᠨ ᠳᠠᠷᠬᠠᠭᠠᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠬᠢᠨᠠᠨ ᠰᠢᠯᠭᠠᠬᠤ ᠠᠵᠢᠯ ᠢ ᠤᠯᠠᠮ ᠨᠢᠭᠡ ᠠᠯᠬᠤᠮ | ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ | ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠭᠰᠠᠨ | ᠪᠠᠶᠢᠨ᠎ᠠ᠃ | ︽ᠬᠢᠨᠠᠨ ᠰᠢᠯᠭᠠᠬᠤ ᠠᠷᠭ᠎ᠠ︾ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠬᠢᠨᠠᠨ ᠰᠢᠯᠭᠠᠬᠤ ᠠᠷᠭ᠎ᠠ ᠮᠠᠶ᠋ᠢᠭ ᠢ ᠲᠣᠳᠣᠷᠬᠠᠢ ᠲᠣᠭᠲᠠᠭᠠᠪᠠ᠂ | ᠡᠭᠦᠨ ᠳᠤ ᠭᠤᠣᠯᠳᠠᠭᠤ ᠣᠨ ᠤ ᠬᠢᠨᠠᠨ ᠰᠢᠯᠭᠠᠬᠤ ᠪᠠ ᠤᠷᠢᠬᠤ ᠬᠤᠭᠤᠴᠠᠭᠠᠨ ᠤ ᠬᠢᠨᠠᠨ ᠰᠢᠯᠭᠠᠬᠤ ᠠᠷᠭ᠎ᠠ ᠮᠠᠶ᠋ᠢᠭ ᠪᠠᠭᠳᠠᠨ᠎ᠠ᠂ ᠠᠵᠢᠯ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ ᠡᠩ ᠤᠨ ᠦᠶ᠎ᠡ ᠶᠢᠨ ᠬᠢᠨᠠᠨ ᠰᠢᠯᠭᠠᠬᠤ᠂ ᠲᠤᠰᠬᠠᠢ ᠵᠦᠢᠯ ᠤᠨ ᠬᠢᠨᠠᠨ ᠰᠢᠯᠭᠠᠬᠤ ᠠᠵᠢᠯ ᠢ ᠥᠷᠨᠢᠭᠦᠯᠬᠦ ᠶᠢᠨ ᠬᠠᠮᠲᠤ ᠬᠢᠨᠠᠨ | ᠰᠢᠯᠭᠠᠬᠤ ᠠᠭᠤᠯᠭ᠎ᠠ ᠶᠢᠨ ᠳᠣᠲᠣᠷᠠᠬᠢ ︽ᠮᠣᠷᠠᠯ᠂ ᠴᠢᠳᠠᠪᠤᠷᠢ᠂ ᠠᠵᠢᠯᠴᠢ᠂ ᠪᠦᠲᠦᠮᠵᠢ᠂ ᠴᠢᠬᠡᠴᠢ︾ ᠶᠢᠨ ᠪᠣᠳᠠᠲᠠᠢ ᠠᠭᠤᠯᠤᠭᠳᠠᠬᠤᠨ ᠢ | ᠨᠠᠷᠢᠯᠢᠭᠵᠢᠭᠤᠯᠤᠨ ᠲᠣᠳᠣᠷᠬᠠᠶᠢᠯᠠᠵᠤ ᠪᠠᠶᠠᠯᠢᠭᠵᠢᠭᠤᠯᠤᠨ ᠲᠡᠭᠦᠯᠳᠡᠷᠵᠢᠭᠦᠯᠵᠡᠢ᠃ | ︽ᠬᠢᠨᠠᠨ ᠰᠢᠯᠭᠠᠬᠤ ᠠᠷᠭ᠎ᠠ︾ ᠳᠤ ᠬᠢᠨᠠᠨ ᠰᠢᠯᠭᠠᠬᠤ ᠶᠢᠨ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠨ ᠤ ᠬᠢᠨᠠᠨ | ᠰᠢᠯᠭᠠᠯᠳᠠ ᠳᠠᠬᠢ ᠰᠢᠯᠢᠳᠡᠭ ᠲᠠᠰ ᠤᠨ ᠬᠥᠮᠥᠨ ᠤ ᠲᠤᠭ᠎ᠠ ᠶᠢ ᠲᠣᠳᠣᠷᠬᠠᠶᠢᠯᠠᠵᠤ᠂ ᠡᠩ ᠤᠨ ᠪᠠᠶᠢᠳᠠᠯ ᠳᠤ ᠲᠣᠰ ᠨᠢᠭᠡᠴᠢ ᠶᠢᠨ ᠣᠨ ᠤ ᠬᠢᠨᠠᠨ | ᠰᠢᠯᠭᠠᠬᠤ ᠳᠤ ᠣᠷᠣᠯᠴᠠᠬᠤ ᠶᠣᠰᠣᠲᠠᠢ ᠠᠵᠢᠯᠲᠠᠨ ᠤ ᠪᠥᠬᠦ ᠬᠥᠮᠥᠨ ᠤ ᠲᠣᠭᠠᠨ ᠤ 20% ᠠᠴᠠ ᠬᠡᠲᠦᠷᠡᠭᠦᠯᠵᠦ ᠪᠣᠯᠬᠤ ᠦᠭᠡᠢ ᠭᠡᠵᠦ ᠱᠠᠭᠠᠷᠳᠠᠪᠠ᠃ | ᠨᠢᠭᠡᠴᠢ ᠨᠢ ᠬᠠᠮᠲᠤ ᠶᠢᠨ ᠭᠠᠪᠢᠶ᠎ᠠ ᠲᠡᠮᠳᠡᠭᠯᠡᠬᠦ ᠠᠴᠠ ᠳᠡᠭᠡᠭᠰᠢᠬᠢ ᠱᠠᠩᠨᠠᠯ ᠭᠥᠷᠳᠡᠭᠰᠡᠨ᠂ ᠴᠢᠬᠤᠯᠠ ᠶᠡᠭᠡ ᠠᠵᠢᠯ ᠤᠨ ᠰᠢᠨ᠎ᠡ ᠡᠭᠦᠳᠦᠯᠲᠡ ᠣᠯᠣᠭᠰᠠᠨ | ᠪᠤᠶᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ ᠬᠤᠯᠪᠣᠭᠳᠠᠯ ᠪᠦᠬᠦᠢ ᠪᠠᠶᠢᠭᠤᠯᠭ᠎ᠠ ︵ᠰᠠᠯᠠᠭ᠎ᠠ ᠮᠥᠴᠢᠷ︶ ᠠᠴᠠ ᠮᠠᠭᠠᠳᠯᠠᠨ ᠲᠣᠭᠲᠠᠭᠠᠭᠰᠠᠨ᠂ | ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠳᠤ ᠰᠢᠯᠢᠳᠡᠭ ᠲᠠᠰ ᠣᠯᠣᠭᠰᠠᠨ ᠪᠠᠶᠢᠪᠠᠯ ᠬᠢᠯᠢ ᠬᠢᠵᠠᠭᠠᠷ ᠤᠨ ᠬᠤᠰᠢᠭᠤ ᠰᠢᠶᠠᠨ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠵᠢᠴᠢ ᠳᠥᠷᠪᠡᠨ ᠲᠥᠷᠥᠯ ᠵᠢᠴᠢ | ᠲᠡᠭᠦᠨ ᠠᠴᠠ ᠳᠡᠭᠡᠭᠰᠢᠬᠢ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠤᠨ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠶᠢᠨ ᠠᠵᠢᠯ ᠦᠢᠯᠡᠰ ᠤᠨ | ᠨᠢᠭᠡᠴᠢ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠡᠩ ᠤᠨ ᠪᠠᠶᠢᠳᠠᠯ ᠳᠤ 25% ᠪᠠᠷ ᠡᠵᠡᠮᠳᠡᠨ᠎ᠡ᠃ ᠮᠤᠵᠢ ᠶᠠᠮᠤᠨ ᠤ ᠲᠠᠰ ᠤᠨ | ᠬᠥᠬᠢᠭᠦᠯᠦᠯ ᠢ ᠭᠥᠷᠳᠡᠭᠰᠡᠨ ᠠᠵᠢᠯ ᠦᠢᠯᠡᠰ ᠤᠨ ᠨᠢᠭᠡᠴᠢ ᠶᠢᠨ ᠰᠢᠯᠢᠳᠡᠭ ᠲᠠᠰ ᠤᠨ ᠬᠠᠷᠢᠴᠠᠯ ᠢ 30% ᠶᠢᠨ ᠳᠣᠲᠣᠷ᠎ᠠ ᠡᠵᠡᠮᠳᠡᠵᠦ ᠪᠣᠯᠣᠨ᠎ᠠ᠃ | ᠤᠯᠤᠰ ᠤᠨ ᠲᠠᠰ ᠤᠨ ᠬᠥᠬᠢᠭᠦᠯᠦᠯ ᠱᠠᠩᠨᠠᠯ ᠭᠥᠷᠳᠡᠭᠰᠡᠨ ᠵᠡᠷᠭᠡ ᠶᠡᠷᠦᠩᠬᠡᠶᠢᠯᠡᠭᠰᠡᠨ ᠢᠯᠡᠷᠡᠯ ᠨᠢ ᠣᠨᠴᠠᠭᠠᠶ ᠲᠣᠪᠤᠶᠢᠮ᠎ᠠ ᠪᠤᠶᠤ ᠣᠨᠴᠠᠭᠠᠶ ᠠᠵᠢᠯ | ᠦᠢᠯᠡᠰ ᠤᠨ ᠨᠢᠭᠡᠴᠢ ᠶᠢᠨ ᠰᠢᠯᠢᠳᠡᠭ ᠲᠠᠰ ᠤᠨ ᠬᠠᠷᠢᠴᠠᠯ ᠢ 35% ᠶᠢᠨ ᠳᠣᠲᠣᠷ᠎ᠠ ᠡᠵᠡᠮᠳᠡᠵᠦ ᠪᠣᠯᠣᠨ᠎ᠠ᠃ | ︽ᠬᠢᠨᠠᠨ ᠰᠢᠯᠭᠠᠬᠤ ᠠᠷᠭ᠎ᠠ︾ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠱᠠᠩᠨᠠᠨ ᠬᠥᠬᠢᠭᠦᠯᠬᠦ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠤ᠂ | ᠲᠤᠬᠠᠢ ᠶᠢᠨ ᠵᠢᠯ ᠳᠤ ᠰᠢᠯᠢᠳᠡᠭ ᠬᠢᠨᠠᠨ ᠰᠢᠯᠭᠠᠭᠰᠠᠳ ᠢ ᠰᠠᠶᠢᠰᠢᠶᠠᠨ ᠬᠥᠬᠢᠭᠦᠯᠵᠦ ᠪᠣᠯᠣᠨ᠎ᠠ᠂ ᠭᠤᠷᠪᠠᠨ ᠵᠢᠯ ᠳᠠᠷᠠᠭᠠᠯᠠᠨ ᠰᠢᠯᠢᠳᠡᠭ ᠬᠢᠨᠠᠨ | ᠰᠢᠯᠭᠠᠭᠰᠠᠳ ᠢ ᠭᠠᠪᠢᠶ᠎ᠠ ᠲᠡᠮᠳᠡᠭᠯᠡᠭᠦᠯᠬᠦ ᠪᠠᠷ ᠲᠠᠨᠢᠯᠴᠠᠭᠤᠯᠵᠤ ᠪᠣᠯᠣᠨ᠎ᠠ ᠭᠡᠵᠦ ᠲᠤᠭᠲᠠᠵᠠᠢ᠃ ᠡᠨᠡ ᠨᠢ ᠰᠢᠯᠭᠠᠬᠤ ᠪᠠ ᠬᠡᠷᠡᠭᠯᠡᠬᠦ ᠶᠢ ᠤᠶᠠᠯᠳᠤᠭᠤᠯᠬᠤ᠂ | ᠦᠨᠡᠨ ᠰᠢᠯᠭᠠᠵᠤ ᠦᠨᠡᠨ ᠬᠡᠷᠡᠭᠯᠡᠬᠦ ᠠᠵᠢᠯ ᠤᠨ ᠤᠳᠤᠷᠢᠳᠤᠮᠵᠢ ᠶᠢ ᠨᠠᠩ ᠰᠠᠶᠢᠨ ᠢᠯᠡᠷᠡᠭᠦᠯᠦᠭᠰᠡᠨ ᠪᠠᠶᠢᠨ᠎ᠠ᠃ |