ᠤᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠵᠢᠩᠬᠢᠨᠢ ᠪᠠᠷ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/8/21
    8 ᠰᠠᠷ᠎ᠠ ᠶᠢᠨ 19 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠵᠢᠩᠬᠢᠨᠢ ᠪᠠᠷ ᠪᠠᠶᠢᠭᠤᠯᠤᠭᠳᠠᠪᠠ᠃
微信图片_20240821110438.jpg
      ᠣᠶᠢᠯᠠᠭᠠᠭᠰᠠᠨ ᠢᠶᠠᠷ᠂ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠢ  ᠪᠠᠶᠢᠭᠤᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠪᠣᠯᠤᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠶ  ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠬᠤᠪᠢᠷᠠᠭᠤᠯᠬᠤ ᠪᠠ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠦᠢᠯᠡᠳᠦᠯᠭᠡ ᠮᠥᠨ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠠᠵᠢᠯ ᠤᠨ ᠬᠦᠴᠦᠨ ᠢ ᠰᠢᠯᠢᠳᠡᠭᠵᠢᠭᠦᠯᠦᠨ ᠴᠢᠩᠭᠠᠳᠬᠠᠬᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ᠂ ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠠᠵᠢᠯ ᠢ ᠠᠬᠢᠭᠤᠯᠬᠤ ᠳᠤ ᠴᠢᠬᠤᠯᠠ ᠪᠥᠭᠡᠳ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃    ᠤᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠤᠨ ᠫᠠᠶᠢᠰᠠ ᠡᠯᠭᠦᠭᠰᠡᠨ ᠨᠢ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠬᠤ  ᠪᠠᠲᠤᠯᠠᠭ᠎ᠠ ᠶᠢᠨ ᠠᠵᠢᠯ ᠤᠨ ᠲᠠᠯ᠎ᠠ ᠪᠠᠷ ᠬᠢ ᠡᠷᠡᠰ ᠵᠣᠷᠢᠭ ᠪᠠ ᠡᠷᠴᠢᠮ ᠢ ᠬᠠᠷᠠᠭᠤᠯᠤᠭᠰᠠᠨ ᠢᠶᠠᠷ ᠪᠠᠷᠠᠬᠤ ᠥᠬᠡᠶ᠂ ᠪᠥᠬᠦ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ᠂ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠬᠢ ᠦᠷ᠎ᠡ ᠪᠦᠲᠦᠭᠡᠯ ᠪᠠ ᠦᠷ᠎ᠡ ᠪᠦᠲᠦᠮᠵᠢ ᠶᠢ ᠬᠠᠷᠠᠭᠤᠯᠵᠤ ᠪᠠᠶᠢᠨ᠎ᠠ᠃  ᠬᠤᠵᠢᠮ᠂ ᠤᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠠᠴᠠ ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ