ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ 19 ᠤ ᠡᠳᠦᠷ ᠵᠣᠭᠤᠰ ᠤᠬᠢᠶᠠᠭᠰᠠᠨ ᠡᠷᠡᠭᠦᠦ ᠶᠢᠨ ᠬᠡᠷᠡᠭ ᠢ | ᠰᠢᠢᠳᠪᠦᠷᠢᠯᠡᠬᠦ ᠬᠠᠤᠯᠢ ᠴᠠᠭᠠᠵᠠ ᠶᠢᠨ ᠭᠡᠷᠡᠭᠵᠢᠬᠦᠯᠬᠦ ᠠᠰᠠᠭᠤᠳᠠᠯ ᠤᠳ ᠤᠨ ᠲᠤᠬᠠᠶ ᠲᠠᠶᠢᠯᠪᠤᠷᠢᠯᠠᠯᠲᠠ ᠶᠢ ᠬᠠᠮᠲᠤᠷᠠᠨ ᠨᠡᠶᠢᠲᠡᠯᠡᠵᠤ᠂ ᠡᠭᠦᠨ ᠳᠤ ︽ | ᠬᠡᠶᠢᠰᠪᠦᠷᠢ ᠡᠳ᠋ ᠬᠥᠷᠥᠩᠭᠡ︾ ᠶᠢᠨ ᠠᠷᠠᠯᠵᠢᠶ᠎ᠠ ᠶᠢ ᠵᠣᠭᠤᠰ ᠤᠬᠢᠶᠠᠬᠤ ᠬᠡᠯᠪᠡᠷᠢ ᠶᠢᠨ ᠨᠢᠭᠡ ᠪᠣᠯᠭᠠᠬᠤ ᠪᠠᠷ ᠲᠣᠳᠣᠷᠬᠠᠶ ᠲᠣᠭᠲᠠᠭᠠᠪᠠ᠃ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠲᠠᠨᠢᠯᠴᠠᠭᠤᠯᠤᠭᠰᠠᠨ ᠢᠶᠠᠷ᠂ ᠢᠨᠲ᠋ᠤᠷ ᠰᠦᠯᠵᠢᠶᠡᠨ ᠤ ᠮᠡᠷᠭᠡᠵᠢᠯ ᠤᠨ ᠥᠷᠭᠡᠨ ᠢᠶᠠᠷ ᠬᠡᠷᠡᠭᠯᠡᠭᠳᠡᠬᠦ ᠶᠢ | ᠳᠠᠭᠠᠯᠳᠤᠨ᠂ ᠵᠣᠭᠤᠰ ᠤᠬᠢᠶᠠᠬᠤ ᠠᠷᠭ᠎ᠠ ᠪᠠᠷᠢᠯ ᠲᠠᠰᠤᠷᠠᠯᠲᠠ ᠥᠬᠡᠶ ᠰᠢᠨᠡᠳᠦᠨ ᠲᠠᠰ ᠳᠡᠪᠰᠢᠵᠦ᠂ ᠬᠡᠶᠢᠰᠪᠦᠷᠢ ᠵᠣᠭᠤᠰ᠂ ᠲᠣᠭᠯᠠᠭᠠᠮ ᠤᠨ ᠵᠣᠭᠤᠰ᠂ ︽ | ᠬᠤᠪᠢ ᠣᠯᠭᠤᠬᠤ ᠲᠠᠪᠴᠠᠩ︾᠂ ᠰᠢᠭᠤᠳ ᠨᠡᠪᠲᠡᠷᠡᠭᠦᠯᠭᠡ ᠪᠠᠷ ᠱᠠᠩᠨᠠᠨ ᠬᠥᠬᠢᠭᠦᠯᠬᠦ ᠵᠡᠷᠭᠡ ᠨᠢ ᠰᠢᠨ᠎ᠡ ᠬᠡᠯᠪᠡᠷᠢ ᠶᠢᠨ ᠵᠣᠭᠤᠰ ᠤᠬᠢᠶᠠᠬᠤ ᠠᠴᠢᠶᠠᠯᠠᠪᠤᠷᠢ | ᠪᠠ ᠠᠷᠭ᠎ᠠ ᠮᠠᠶ᠋ᠢᠭ ᠪᠣᠯᠵᠣ᠂ ᠵᠣᠭᠤᠰ ᠤᠬᠢᠶᠠᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ ᠨᠠᠩ ᠥᠨᠳᠥᠷ ᠰᠢᠨ᠎ᠡ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ ᠬᠡᠵᠡᠢ᠃ | ᠡᠭᠦᠨ ᠤ ᠲᠤᠬᠠᠶ᠂ ᠬᠠᠤᠯᠢ ᠪᠠᠷᠢᠬᠤ ᠲᠠᠶᠢᠯᠪᠤᠷᠢᠯᠠᠯᠲᠠ ᠳᠤ ᠡᠷᠡᠭᠦᠦ ᠶᠢᠨ ᠬᠠᠤᠯᠢ ᠳᠠᠬᠢ ︽ᠶᠠᠯ᠎ᠠ ᠬᠢᠵᠦ ᠣᠯᠤᠭᠰᠠᠨ ᠠᠰᠢᠬ ᠵᠢᠴᠢ ᠲᠡᠭᠦᠨ ᠠᠴᠠ | ᠣᠯᠤᠭᠰᠠᠨ ᠤᠯᠵᠠᠪᠤᠷᠢ ᠶᠢᠨ ᠢᠷᠡᠯᠲᠡ ᠪᠠ ᠰᠢᠨᠵᠢ ᠴᠢᠨᠠᠷ ᠢ ᠪᠤᠰᠤᠳ ᠠᠷᠭ᠎ᠠ ᠪᠠᠷ ᠬᠠᠯᠬᠠᠯᠠᠵᠤ᠂ ᠨᠢᠭᠤᠨ ᠳᠠᠯᠳᠠᠯᠠᠭᠰᠠᠨ︾ ᠲᠤᠯᠤᠭᠠᠨ ᠵᠦᠢᠯ ᠤᠨ | ᠪᠣᠳᠠᠲᠠᠶ ᠪᠠᠶᠢᠳᠠᠯ᠂ ᠡᠭᠦᠨ ᠳᠤ ︽ᠬᠡᠶᠢᠰᠪᠦᠷᠢ ᠡᠳ᠋ ᠬᠥᠷᠥᠩᠭᠡ︾ ᠶᠢ ᠠᠷᠠᠯᠵᠢᠶᠠᠯᠠᠬᠤ᠂ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢ ᠰᠣᠯᠢᠬᠤ ᠠᠷᠭ᠎ᠠ | ᠮᠠᠶ᠋ᠢᠭ ᠢᠶᠠᠷ ᠳᠠᠮᠵᠢᠭᠤᠯᠵᠤ᠂ ᠶᠠᠯ᠎ᠠ ᠬᠢᠵᠦ ᠣᠯᠤᠭᠰᠠᠨ ᠠᠰᠢᠬ ᠵᠢᠴᠢ ᠲᠡᠭᠦᠨ ᠠᠴᠠ ᠣᠯᠤᠭᠰᠠᠨ ᠤᠯᠵᠠᠪᠤᠷᠢ ᠪᠠᠨ ᠰᠢᠯᠵᠢᠬᠦᠯᠦᠭᠰᠡᠨ ᠪᠤᠶᠤ ᠰᠤᠯᠢᠬᠰᠠᠨ | ᠵᠡᠷᠭᠡ ᠶᠢ ᠪᠠᠭᠲᠠᠭᠠᠨ᠎ᠠ ᠬᠡᠵᠤ ᠳᠤᠳᠤᠷᠬᠠᠢ ᠲᠤᠭᠳᠠᠭᠠᠪᠠ᠃ | ᠡᠭᠦᠨ ᠤ ᠵᠡᠷᠭᠡ ᠳᠤ᠂ ᠬᠠᠤᠯᠢ ᠪᠠᠷᠢᠬᠤ ᠲᠠᠶᠢᠯᠪᠤᠷᠢᠯᠠᠯᠲᠠ ᠳᠤ ︽ᠥᠪᠡᠷ ᠢᠶᠠᠨ ᠵᠣᠭᠤᠰ ᠤᠬᠢᠶᠠᠭᠰᠠᠨ︾ ︽ᠪᠤᠰᠤᠳ ᠢᠶᠠᠷ ᠵᠣᠭᠤᠰ | ᠤᠬᠢᠶᠠᠯᠭᠠᠬᠰᠠᠨ︾ ᠶᠠᠯᠠᠲᠤ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠢᠴᠢ ︽ᠪᠤᠰᠤᠳ ᠢᠶᠠᠷ ᠵᠣᠭᠤᠰ ᠤᠬᠢᠶᠠᠯᠭᠠᠬᠰᠠᠨ︾ ᠶᠠᠯᠠᠲᠤ | ᠠᠵᠢᠯᠯᠠᠭ᠎ᠠ ᠶᠢᠨ ᠪᠡᠶᠡᠴᠢ ᠲᠠᠨᠢᠯᠲᠠ ᠶᠢ ᠬᠢᠨᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶ ᠲᠣᠭᠲᠠᠭᠠᠵᠠᠶ᠃ ᠬᠠᠤᠯᠢ ᠪᠠᠷᠢᠬᠤ | ᠲᠠᠶᠢᠯᠪᠤᠷᠢᠯᠠᠯᠲᠠ ᠳᠤ ᠪᠠᠰᠠ ᠵᠣᠭᠤᠰ ᠤᠬᠢᠶᠠᠭᠰᠠᠨ ᠲᠤᠭ᠎ᠠ ᠨᠢ ᠲᠠᠪᠤᠨ ᠵᠠᠭᠤᠨ ᠲᠦᠮᠡᠨ ᠲᠥᠭᠦᠷᠢᠭ ᠠᠴᠠ ᠬᠡᠲᠦᠷᠡᠭᠰᠡᠨ ᠮᠥᠷᠲᠡᠭᠡᠨ ᠵᠣᠭᠤᠰ | ᠤᠬᠢᠶᠠᠭᠰᠠᠨ ᠠᠵᠢᠯᠯᠠᠭ᠎ᠠ ᠶᠢ ᠣᠯᠠᠨᠲᠠ ᠬᠢᠭᠰᠡᠨ︔ ᠡᠳ᠋ ᠪᠣᠳᠠᠰ ᠢ ᠨᠡᠬᠡᠮᠵᠢᠯᠡᠨ ᠲᠤᠰᠢᠶᠠᠯᠭᠠᠬᠤ ᠠᠵᠢᠯ ᠳᠤ ᠬᠠᠮᠵᠢᠯᠴᠠᠬᠤ ᠶᠢ ᠲᠡᠪᠴᠢᠵᠦ᠂ ᠪᠤᠵᠠᠷ | ᠵᠣᠭᠤᠰ ᠪᠤᠵᠠᠷ ᠡᠳ᠋ ᠢ ᠨᠡᠬᠡᠮᠵᠢᠯᠡᠨ ᠲᠤᠰᠢᠶᠠᠯᠭᠠᠬᠤ ᠶᠢᠨ ᠠᠷᠭ᠎ᠠ ᠦᠭᠡᠢ ᠪᠣᠯᠤᠬᠰᠠᠨ︔ ᠬᠤᠶᠠᠷ ᠵᠠᠭᠤ ᠲᠠᠪᠢᠨ ᠲᠦᠮᠡᠨ ᠲᠥᠭᠦᠷᠢᠭ ᠠᠴᠠ ᠳᠡᠭᠡᠭᠰᠢ | ᠬᠤᠬᠢᠷᠠᠯ ᠤᠴᠠᠷᠠᠭᠤᠯᠤᠭᠰᠠᠨ︔ ᠡᠰᠡᠬᠦᠯ᠎ᠡ ᠪᠤᠰᠤᠳ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ︽ᠦᠢᠯᠡ | ᠪᠠᠶᠢᠳᠠᠯ ᠨᠢ ᠬᠦᠨᠳᠦ ᠨᠣᠴᠢᠲᠠᠢ︾ ᠪᠠᠷ ᠮᠠᠭᠠᠳᠯᠠᠨ ᠲᠣᠭᠲᠠᠭᠠᠬᠤ ᠪᠠᠷ ᠳᠤᠳᠤᠷᠬᠠᠶᠢᠯᠠᠪᠠ᠃ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠥᠬᠦ | ᠤᠯᠤᠰ ᠤᠨ ᠬᠡᠪᠴᠢᠶᠡᠨ ᠳᠤ ᠵᠣᠭᠤᠰ ᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠷᠪᠠᠨ ᠵᠢᠯ ᠤᠨ ᠠᠵᠢᠯᠯᠠᠭ᠎ᠠ ︵2022 — | 2024 ᠣᠨ︶ ᠶᠢ ᠬᠠᠮᠲᠤᠷᠠᠨ ᠥᠷᠨᠢᠭᠦᠯᠦᠭᠰᠡᠨ ᠠᠴᠠ ᠨᠠᠭᠠᠰᠢ᠂ ᠪᠥᠬᠦ ᠤᠯᠤᠰ ᠤᠨ ᠰᠢᠭᠦᠬᠦ ᠬᠤᠷᠢᠶ᠎ᠠ ᠶᠢᠨ ᠨᠢᠬᠡᠳᠤᠭᠡᠷ ᠰᠢᠬᠦᠯᠳᠠ ᠳᠤ ᠵᠣᠭᠤᠰ | ᠤᠬᠢᠶᠠᠭᠰᠠᠨ ᠶᠠᠯ᠎ᠠ ᠶᠢᠨ 2406 ᠡᠷᠡᠭᠦᠦ ᠶᠢᠨ ᠬᠡᠷᠡᠭ ᠤᠨ 2978 ᠬᠦᠮᠤᠨ ᠢ ᠰᠢᠭᠦᠨ ᠳᠠᠭᠤᠰᠬᠠᠵᠤ᠂ ᠡᠨᠡ ᠵᠢᠯ ᠤᠨ 1 ᠰᠠᠷ᠎ᠠ ᠠᠴᠠ 6 ᠰᠠᠷ᠎ᠠ | ᠪᠣᠯᠲᠠᠯ᠎ᠠ 349 ᠬᠡᠷᠡᠭ ᠤᠨ 573 ᠬᠥᠮᠦᠨ ᠢ ᠰᠢᠭᠦᠨ ᠳᠠᠭᠤᠰᠬᠠᠵᠠᠶ᠃ ᠪᠦᠷᠢᠨ ᠪᠤᠰᠤ ᠪᠦᠷᠢᠳᠭᠡᠯ ᠢ ᠦᠨᠳᠦᠰᠦᠯᠡᠪᠡᠯ᠂ 2022 ᠣᠨ ᠠᠴᠠ 2023 | ᠣᠨ ᠪᠣᠯᠲᠠᠯᠠᠬᠢ ᠨᠢᠭᠡᠳᠦᠭᠡᠷ ᠰᠢᠭᠦᠯᠲᠡ ᠶᠢᠨ ᠰᠢᠭᠦᠵᠦ ᠳᠠᠭᠤᠰᠬᠠᠭᠰᠠᠨ ᠵᠣᠭᠤᠰ ᠤᠬᠢᠶᠠᠭᠰᠠᠨ ᠬᠡᠷᠡᠭ ᠤᠨ ᠳᠣᠲᠣᠷ᠎ᠠ᠂ ᠵᠣᠭᠤᠰ ᠤᠬᠢᠶᠠᠭᠰᠠᠨ ᠳᠡᠭᠡᠳᠦ | ᠤᠷᠤᠰᠬᠠᠯ ᠤᠨ ᠶᠠᠯᠠᠲᠤ ᠠᠵᠢᠯᠯᠠᠭ᠎ᠠ ᠨᠢ ᠭᠤᠤᠯᠳᠠᠭᠤ ᠬᠤᠤᠷᠲᠤ ᠡᠳ᠋ ᠰᠠᠷᠢᠭᠠᠯᠠᠬᠰᠠᠨ ᠶᠠᠯᠠᠲᠤ ᠠᠵᠢᠯᠯᠠᠭ᠎ᠠ᠂ ᠱᠠᠮᠰᠢᠵᠤ ᠬᠡᠭᠡᠯᠢ ᠢᠳᠡᠵᠦ ᠬᠠᠭ᠋ᠤᠤᠯᠢ | ᠲᠦᠯᠬᠢᠭᠰᠡᠨ ᠶᠠᠯᠠᠲᠤ ᠠᠵᠢᠯᠯᠠᠭ᠎ᠠ᠂ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠲᠥᠪᠯᠡᠷᠡᠵᠦ᠂ ᠡᠵᠡᠯᠡᠬᠦ ᠬᠠᠷᠢᠴᠠᠯ ᠨᠢ ᠨᠠᠢᠮᠠᠨ ᠬᠤᠪᠢ ᠶᠢ | ᠳᠠᠪᠠᠭᠰᠠᠨ ᠪᠠᠶᠢᠨ᠎ᠠ᠃ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠭᠤᠷᠪᠠᠳᠤᠭᠠᠷ ᠲᠢᠩᠬᠢᠮ ᠤᠨ ᠳᠠᠷᠤᠭ᠎ᠠ ᠴᠧᠨ ᠬᠤᠩ ᠰᠢᠶᠠᠩ᠂ ᠠᠷᠠᠳ ᠤᠨ ᠰᠢᠭᠦᠬᠦ ᠬᠤᠷᠢᠶ᠎ᠠ ᠵᠣᠭᠤᠰ | ᠤᠬᠢᠶᠠᠬᠤ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠵᠦ᠂ ᠨᠢᠭᠤᠴᠠ ᠵᠣᠭᠤᠰᠣᠨ ᠫᠦᠰᠡ ᠳᠤ ᠬᠤᠯᠪᠣᠭᠳᠠᠭᠰᠠᠨ ᠵᠣᠭᠤᠰ | ᠤᠬᠢᠶᠠᠬᠤ ᠶᠠᠯᠠᠲᠤ ᠠᠵᠢᠯᠯᠠᠭ᠎ᠠ᠂ ᠬᠡᠶᠢᠰᠪᠦᠷᠢ ᠵᠣᠭᠤᠰ᠂ ᠲᠣᠭᠯᠠᠭᠠᠮ ᠤᠨ ᠵᠣᠭᠤᠰ ᠢ ᠠᠰᠢᠭᠯᠠᠬᠤ ᠵᠡᠷᠭᠡ ᠵᠣᠭᠤᠰ ᠤᠬᠢᠶᠠᠬᠤ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ ᠭᠡᠵᠡᠶ᠃ ︽ᠦᠪᠡᠷ ᠢᠶᠠᠨ ᠵᠣᠭᠤᠰ ᠤᠬᠢᠶᠠᠭᠰᠠᠨ︾ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠵᠠᠯᠬᠠᠭᠠᠨ ᠰᠢᠢᠳᠭᠡᠨ᠎ᠠ᠃ ᠵᠣᠭᠤᠰ ᠢᠶᠠᠷ ᠶᠠᠯᠠᠳᠠᠬᠤ ᠡᠷᠡᠭᠦᠦ ᠪᠠᠷ ᠰᠢᠢᠳᠭᠡᠬᠦ ᠪᠠ ᠭᠦᠢᠴᠡᠳᠭᠡᠬᠦ ᠡᠷᠴᠢᠮ ᠢᠶᠠᠨ ᠴᠢᠩᠭᠠᠷᠠᠭᠤᠯᠵᠤ᠂ ᠵᠣᠭᠤᠰ ᠤᠬᠢᠶᠠᠭᠰᠠᠨ | ᠦᠢᠯᠡ ᠠᠵᠢᠯᠯᠠᠭᠠᠳᠠᠨ ᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠵᠤ᠂ ᠶᠠᠮᠠᠷᠪᠠ ᠬᠥᠮᠦᠨ ᠳᠤ | ᠶᠠᠯᠠᠲᠤ ᠠᠵᠢᠯᠯᠠᠭ᠎ᠠ ᠶᠢᠨ ᠳᠤᠮᠳᠠ ᠠᠴᠠ ᠬᠠᠤᠯᠢ ᠪᠤᠰᠤ ᠪᠠᠷ ᠠᠰᠢᠭ ᠣᠯᠭᠤᠬᠤ ᠦᠭᠡᠢ ᠪᠣᠯᠭᠠᠨ᠎ᠠ᠃ ᠡᠭᠦᠨ ᠤ ᠵᠡᠷᠬᠡ ᠪᠠᠷ ᠠᠭᠤᠴᠢᠯᠠᠬᠤ ᠪᠠ ᠴᠢᠩᠭ᠎ᠠ | ᠰᠢᠢᠳᠭᠡᠬᠦ ᠶᠢ ᠬᠤᠣᠰᠯᠠᠭᠤᠯᠤᠭᠰᠠᠨ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠦᠨᠡᠨ ᠬᠦ ᠲᠤᠭᠤᠰᠢᠯᠠᠭᠤᠯᠵᠤ᠂ ᠪᠠᠶᠢᠳᠠᠯ ᠢ ᠢᠯᠭᠠᠨ᠂ | ᠢᠯᠭᠠᠭ᠎ᠠ ᠲᠠᠢ ᠬᠠᠨᠳᠤᠵᠤ᠂ ᠬᠠᠮᠤᠭ ᠤᠨ ᠰᠠᠶᠢᠨ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ | ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ ᠬᠡᠵᠤ ᠢᠯᠡᠳᠬᠡᠪᠡ᠃ | ︵ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 19 ᠤ ᠴᠠᠬᠢᠯᠭᠠᠨ ᠮᠡᠳᠡᠭᠡ︶ | |