ᠦᠪᠡᠷᠳᠡᠬᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠤᠬᠢᠷᠠᠯ ᠤᠨ ᠬᠠᠤᠯᠢ ᠴᠠᠭᠠᠵᠠ ᠶᠢᠨ ᠬᠢᠨᠠᠨ ᠲᠤᠬᠳᠠᠭᠠᠬᠤ ᠬᠦᠮᠦᠷᠬᠡ ᠠᠰᠢᠬᠯᠠᠯᠳᠠ ᠳᠤ ᠤᠷᠤᠯ᠎ᠠ
ᠨᠡᠶᠢᠲᠡᠯᠡᠭᠰᠡᠨ ᠴᠠᠭ᠄
2024/8/21
    ᠤᠶᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠤᠬᠢᠷᠠᠯ ᠤᠨ ᠬᠠᠤᠯᠢ ᠴᠠᠭᠠᠵᠠ ᠶᠢᠨ ᠬᠢᠨᠠᠨ ᠲᠤᠬᠳᠠᠭᠠᠬᠤ ᠬᠦᠮᠦᠷᠬᠡ ᠵᠢᠩᠬᠢᠨᠢ ᠪᠠᠷ ᠠᠰᠢᠬᠯᠠᠯᠳᠠ ᠳᠤ ᠤᠷᠤᠵᠤ᠂ ᠲᠦᠷᠦᠬᠦᠦ ᠪᠦᠯᠦᠭ ᠲᠤ ᠤᠷᠤᠨ ᠤ ᠲᠤᠳᠤᠨ᠎ᠠ ᠭᠠᠳᠠᠨᠠᠬᠢ 17 ᠬᠢᠨᠠᠨ ᠲᠤᠬᠳᠠᠭᠠᠬᠤ ᠪᠠᠶᠢᠭᠤᠯᠤᠮᠵᠢ᠂ 120 ᠬᠢᠨᠠᠨ ᠲᠤᠬᠳᠠᠭᠠᠬᠤ ᠲᠤᠰᠬᠠᠢ ᠮᠡᠷᠬᠡᠵᠢᠯᠳᠡᠨ᠂ 303 ᠬᠢᠨᠠᠨ ᠲᠤᠬᠳᠠᠭᠠᠬᠴᠢ ᠶᠢ ᠪᠠᠭᠳᠠᠭᠠᠨ ᠤᠷᠤᠭᠤᠯᠵᠤ᠂ ᠤᠷᠴᠢᠨ ᠲᠤᠭᠤᠷᠢᠨ ᠤ ᠡᠬᠢ ᠪᠠᠶᠠᠯᠢᠬ ᠤᠨ ᠲᠦᠷᠦᠯ ᠤᠨ ᠬᠡᠷᠡᠭ ᠢ ᠰᠶᠢᠳᠪᠦᠷᠢᠯᠡᠬᠦ ᠶᠠᠪᠤᠴᠠ ᠲᠤᠮᠳᠠ ᠤᠷᠤᠰᠢᠵᠤ ᠪᠠᠶᠢᠭ᠎ᠠ ᠬᠢᠨᠠᠨ ᠲᠤᠬᠳᠠᠭᠠᠬᠤ ᠳᠤ ᠬᠦᠴᠢᠷᠳᠡᠢ ᠪᠦᠬᠡᠳ ᠪᠤᠳᠤᠯᠢᠶᠠᠨᠳᠠᠢ ᠠᠰᠠᠭᠤᠳᠠᠯ ᠢ ᠪᠦᠳᠦᠮᠵᠢᠳᠡᠢ ᠰᠶᠢᠳᠪᠦᠷᠢᠯᠡᠬᠦ ᠶᠢ ᠠᠬᠢᠭᠤᠯᠬᠤ ᠪᠤᠯᠤᠨ᠎ᠠ᠃   ᠤᠶᠢᠯᠠᠭᠠᠬᠰᠠᠨ ᠢᠶᠠᠷ᠂ ᠡᠨᠡ ᠵᠢᠯ ᠤᠨ 1 ᠰᠠᠷ᠎ᠠ ᠶᠢᠨ 1 ᠠᠴᠠ ᠡᠬᠢᠯᠡᠨ᠂ ᠦᠪᠦᠷ ᠮᠤᠩᠭᠤᠯ ᠤᠨ ᠲᠡᠮᠦᠷ ᠵᠠᠮ ᠤᠨ ᠪᠠᠶᠢᠴᠠᠭᠠᠬᠤ ᠪᠠᠶᠢᠭᠤᠯᠭ᠎ᠠ ᠨᠢ ᠨᠢᠬᠡ ᠪᠦᠯᠦᠭ ᠤᠷᠴᠢᠨ ᠲᠤᠭᠤᠷᠢᠨ ᠤ ᠡᠬᠢ ᠪᠠᠶᠠᠯᠢᠬ ᠤᠨ ᠡᠷᠡᠬᠦᠦ ᠶᠢᠨ ᠬᠡᠷᠡᠭ ᠢ ᠨᠢᠬᠡᠳᠦᠯᠳᠡᠢ ᠬᠠᠮᠢᠶᠠᠷᠴᠠᠢ᠃ ᠪᠠᠶᠢᠴᠠᠭᠠᠬᠤ ᠪᠠᠶᠢᠭᠤᠯᠭ᠎ᠠ ᠨᠢ ᠡᠳᠡᠬᠡᠷ ᠠᠵᠢᠯ ᠢ ᠦᠷᠨᠢᠬᠦᠯᠬᠦ ᠶᠠᠪᠤᠴᠠ ᠳᠤ᠂ ᠤᠷᠴᠢᠨ ᠲᠤᠭᠤᠷᠢᠨ ᠤ ᠡᠬᠢ ᠪᠠᠶᠠᠯᠢᠬ ᠤᠨ ᠲᠦᠷᠦᠯ ᠤᠨ ᠬᠡᠷᠡᠭ ᠢ ᠰᠶᠢᠳᠪᠦᠷᠢᠯᠡᠬᠦ ᠳᠤ ᠬᠢᠨᠠᠨ ᠲᠤᠬᠳᠠᠭᠠᠬᠤ ᠳᠤ ᠬᠦᠴᠢᠷᠳᠡᠢ᠂ ᠬᠢᠨᠠᠨ ᠲᠤᠬᠳᠠᠭᠠᠬᠤ ᠦᠪᠡᠷ ᠤᠨ ᠦᠷᠳᠡᠭ ᠶᠡᠬᠡᠳᠡᠢ᠂ ᠬᠢᠨᠠᠨ ᠲᠤᠬᠳᠠᠭᠠᠬᠤ ᠴᠠᠬ ᠨᠢ ᠤᠷᠳᠤ ᠵᠡᠷᠬᠡ ᠠᠰᠠᠭᠤᠳᠠᠯ ᠨᠡᠶᠢᠳᠡᠮ ᠳᠡᠭᠡᠨ ᠤᠷᠤᠰᠢᠵᠤ᠂ ᠬᠡᠷᠡᠭ ᠰᠶᠢᠳᠪᠦᠷᠢᠯᠡᠬᠦ ᠴᠢᠨᠠᠷ ᠪᠦᠳᠦᠮᠵᠢ ᠶᠢ ᠬᠠᠷᠰᠢᠯᠠᠵᠤ ᠪᠠᠶᠢᠬᠤ ᠠᠰᠠᠭᠤᠳᠠᠯ ᠢᠯᠡᠷᠡᠪᠡ᠃    ᠡᠬᠦᠨ ᠳᠤ ᠬᠠᠨᠳᠤᠭᠤᠯᠤᠨ᠂ ᠬᠦᠬᠡᠬᠤᠳᠠ ᠶᠢᠨ ᠲᠡᠮᠦᠷ ᠵᠠᠮ ᠤᠨ ᠵᠦᠬᠡᠬᠡᠪᠦᠷᠢ ᠶᠢᠨ ᠪᠠᠶᠢᠴᠠᠭᠠᠬᠤ ᠬᠤᠪᠢᠶᠠᠷᠢ ᠬᠤᠷᠢᠶ᠎ᠠ ᠨᠢ ᠰᠠᠨᠠᠭᠠᠴᠢᠯᠠᠭ᠎ᠠ ᠠᠴᠠ ᠪᠠᠨ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠬᠠᠮᠢᠶᠠᠷᠤᠯᠳᠠ ᠶᠢᠨ ᠲᠤᠪᠴᠢᠶ᠎ᠠ ᠲᠠᠢ ᠵᠤᠯᠭᠠᠭᠤᠯᠤᠨ᠂ ᠦᠪᠡᠷᠳᠡᠬᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠤᠬᠢᠷᠠᠯ ᠤᠨ ᠬᠠᠤᠯᠢ ᠴᠠᠭᠠᠵᠠ ᠶᠢᠨ ᠬᠢᠨᠠᠨ ᠲᠤᠬᠳᠠᠭᠠᠬᠤ ᠬᠦᠮᠦᠷᠬᠡ ᠶᠢ ᠪᠠᠶᠢᠭᠤᠯᠤᠨ᠂ ᠤᠷᠴᠢᠨ ᠲᠤᠭᠤᠷᠢᠨ ᠤ ᠡᠬᠢ ᠪᠠᠶᠠᠯᠢᠬ ᠤᠨ ᠲᠦᠷᠦᠯ ᠤᠨ ᠬᠡᠷᠡᠭ ᠢ ᠰᠶᠢᠳᠪᠦᠷᠢᠯᠡᠬᠦ ᠳᠤ ᠰᠢᠯᠢᠳᠡᠭ ᠪᠦᠬᠡᠳ ᠦᠨᠳᠦᠷ ᠪᠦᠳᠦᠮᠵᠢᠳᠡᠢ ᠬᠠᠤᠯᠢ ᠴᠠᠭᠠᠵᠠ ᠶᠢᠨ ᠬᠢᠨᠠᠨ ᠲᠤᠬᠳᠠᠭᠠᠬᠤ ᠦᠢᠯᠡᠴᠢᠯᠡᠭᠡ ᠬᠠᠩᠭᠠᠬᠤ ᠶᠢ ᠵᠤᠷᠢᠪᠠ᠃ ᠲᠤᠰ ᠬᠠᠤᠯᠢ ᠴᠠᠭᠠᠵᠠ ᠶᠢᠨ ᠬᠢᠨᠠᠨ ᠲᠤᠬᠳᠠᠭᠠᠬᠤ ᠬᠦᠮᠦᠷᠬᠡ ᠶᠢ ᠪᠦᠬᠦ ᠤᠷᠤᠨ ᠤ ᠤᠷᠴᠢᠨ ᠲᠤᠭᠤᠷᠢᠨ ᠤ ᠡᠬᠢ ᠪᠠᠶᠠᠯᠢᠬ ᠤᠨ ᠲᠦᠷᠦᠯ ᠤᠨ ᠬᠡᠷᠡᠭ ᠢ ᠰᠶᠢᠳᠪᠦᠷᠢᠯᠡᠬᠦ ᠪᠠᠶᠢᠭᠤᠯᠭ᠎ᠠ ᠨᠢᠬᠡᠴᠢ ᠬᠠᠮᠳᠤ ᠪᠠᠷ ᠡᠳ᠋ᠯᠡᠨ ᠬᠠᠮᠳᠤ ᠪᠠᠷ ᠬᠡᠷᠡᠭᠯᠡᠵᠦ᠂ ᠨᠡᠶᠢᠬᠡᠮ ᠨᠡᠶᠢᠳᠡ ᠳᠤ ᠨᠡᠬᠡᠬᠡᠯᠳᠡ ᠬᠢᠨ᠎ᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ