| ᠠᠮᠧᠷᠢᠺᠠ ᠶᠢᠨ ᠢᠯᠢᠨᠤᠶ᠋ᠢᠰ ᠶᠡᠭᠡ ᠰᠤᠷᠭᠠᠭᠤᠯᠢ ᠶᠢᠨ ᠤᠷᠪᠠᠨ᠎ᠠ — ᠱᠠᠮᠫᠸᠢᠨ ᠬᠤᠪᠢᠶᠠᠷᠢ ᠰᠤᠷᠭᠠᠭᠤᠯᠢ ᠶᠢᠨ ᠤᠷᠴᠢᠮ ᠤᠨ ᠨᠢᠭᠡᠨ ᠰᠢᠨ᠎ᠡ | ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠰᠤᠷᠬᠤ ᠨᠠᠰᠤᠨ ᠤ ᠬᠡᠥᠬᠡᠳ ᠢᠽᠥᠹᠯᠠᠸᠥᠨ ᠠᠷᠪᠢᠨ ᠠᠭᠤᠯᠤᠭᠰᠠᠨ ᠰᠢᠷ᠎ᠠ ᠪᠤᠷᠴᠠᠭ ᠤᠨ ᠢᠳᠡᠭᠡᠨ | ᠢᠳᠡᠭᠰᠡᠨ ᠤ ᠳᠠᠷᠠᠭ᠎ᠠ᠂ ᠰᠡᠳᠭᠢᠬᠦ ᠴᠢᠳᠠᠪᠤᠷᠢ ᠪᠠ ᠠᠩᠬᠠᠷᠤᠯ ᠨᠢ ᠳᠡᠭᠡᠭᠰᠢᠯᠡᠨ᠎ᠡ ᠭᠡᠵᠡᠢ᠃ ᠢᠽᠥᠹᠯᠠᠸᠥᠨ ᠪᠣᠯ ᠡᠯ᠎ᠡ ᠵᠦᠢᠯ ᠤᠨ ᠤᠷᠭᠤᠮᠠᠯ ᠤᠨ | ᠳᠣᠲᠣᠷ᠎ᠠ ᠨᠡᠶᠢᠲᠡᠯᠢᠭ ᠤᠷᠤᠰᠢᠳᠠᠭ ᠨᠢᠭᠡᠳᠪᠦᠷᠢ ᠪᠠᠶᠢᠵᠤ᠂ ᠣᠨᠴᠠᠭᠠᠶᠢᠯᠠᠨ ᠰᠢᠷ᠎ᠠ ᠪᠤᠷᠴᠠᠭ ᠪᠣᠯᠣᠨ ᠪᠤᠷᠴᠠᠭ ᠤᠨ ᠪᠦᠲᠦᠭᠡᠭᠳᠡᠬᠦᠨ ᠤ ᠳᠣᠲᠣᠷ᠎ᠠ | ᠠᠭᠤᠯᠤᠭᠳᠠᠴᠠ ᠪᠠᠷ ᠠᠷᠪᠢᠨ ᠪᠠᠶᠢᠳᠠᠭ᠃ ᠰᠢᠷ᠎ᠠ ᠪᠤᠷᠴᠠᠭ ᠤᠨ ᠢᠽᠥᠹᠯᠠᠸᠥᠨ ᠤ ᠳᠠᠯᠳᠠ ᠨᠢᠭᠤᠴᠠᠯᠢᠭ ᠠᠰᠢᠭ ᠲᠤᠰᠠ ᠶᠢ ᠰᠤᠳᠤᠯᠬᠤ ᠶᠢᠨ ᠲᠥᠯᠥᠭᠡ᠂ | ᠰᠤᠳᠤᠯᠭᠠᠨ ᠤ ᠪᠦᠯᠬᠦᠮ ᠤᠨ ᠬᠢᠨ ᠡᠮᠦᠨᠡᠬᠢ ᠨᠢᠭᠡ ᠰᠤᠳᠤᠯᠭᠠᠨ ᠤ ᠲᠤᠭ᠎ᠠ ᠪᠠᠷᠢᠮᠲᠠ ᠶᠢ ᠡᠷᠭᠢᠴᠡᠭᠦᠯᠪᠡ᠂ ᠲᠤᠰ ᠰᠤᠳᠤᠯᠭᠠᠨ ᠳᠤ 7 ᠨᠠᠰᠤᠨ ᠠᠴᠠ 13 | ᠨᠠᠰᠤᠨ ᠤ 128 ᠬᠡᠦᠬᠡᠳ ᠬᠤᠯᠪᠣᠭᠳᠠᠵᠠᠢ᠃ ᠡᠲᠡᠭᠡᠷ ᠬᠡᠦᠬᠡᠳ ᠤᠨ 7 ᠡᠳᠦᠷ ᠤᠨ ᠢᠳᠡᠭᠡᠨ ᠤᠮᠳᠠᠭᠠᠨ ᠤ ᠲᠡᠮᠳᠡᠭᠯᠡᠯ ᠤᠨ ᠮᠡᠳᠡᠭᠡ ᠵᠠᠩᠭᠢ ᠶᠢ | ᠦᠨᠳᠦᠰᠦᠯᠡᠵᠤ᠂ ᠢᠽᠥᠹᠯᠠᠸᠥᠨ ᠢ ᠪᠠᠭᠲᠠᠭᠠᠭᠰᠠᠨ ᠬᠡᠦᠬᠡᠳ ᠨᠢᠭᠡᠪᠦᠷᠢ ᠶᠢᠨ ᠢᠳᠡᠭᠡᠨ ᠤᠮᠳᠠᠭᠠᠨ ᠤ ᠳᠤᠮᠳᠠᠴᠢ ᠬᠡᠮᠵᠢᠶ᠎ᠡ ᠶᠢ ᠪᠤᠳᠤᠵᠤ ᠭᠠᠷᠭᠠᠵᠠᠢ᠃ | ᠬᠡᠦᠬᠡᠳ ᠤᠨ ᠡᠩ ᠤᠨ ᠤᠶᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠡᠯᠡᠬᠦ ᠶᠢᠨ ᠲᠥᠯᠥᠭᠡ᠂ ᠪᠦᠯᠬᠦᠮ ᠤᠨ ᠬᠢᠨ ᠨᠢᠭᠡᠨ ᠰᠢᠯᠭᠠᠯᠲᠠ ᠠᠪᠴᠦ᠂ ᠪᠠᠰᠠ | ᠺᠣᠮᠫᠢᠦ᠋ᠲ᠋ᠧᠷ ᠤᠨ ᠰᠢᠯᠭᠠᠯᠲᠠ ᠪᠠᠷ ᠠᠩᠬᠠᠷᠤᠯ ᠢ ᠦᠨᠡᠯᠡᠨ ᠰᠢᠯᠭᠠᠬᠤ ᠶᠢᠨ ᠬᠠᠮᠲᠤ ᠬᠡᠦᠬᠡᠳ ᠤᠨ ᠲᠠᠷᠢᠬᠢᠨ ᠤ ᠴᠠᠬᠢᠯᠭᠠᠨ ᠳᠣᠯᠭᠢᠶᠠᠨ ᠤ ᠠᠵᠢᠯᠯᠠᠭ᠎ᠠ ᠶᠢ | ᠲᠡᠮᠳᠡᠭᠯᠡᠵᠦ᠂ ᠰᠤᠷᠠᠭ ᠵᠠᠩᠭᠢ ᠶᠢ ᠰᠢᠢᠳᠪᠦᠷᠢᠯᠡᠬᠦ ᠬᠤᠷᠳᠤᠴᠠ ᠪᠠ ᠠᠩᠬᠠᠷᠤᠯ ᠤᠨ ᠲᠥᠪᠯᠡᠷᠡᠯ ᠤᠨ ᠬᠡᠮᠵᠢᠶ᠎ᠡ ᠶᠢ ᠬᠡᠮᠵᠢᠵᠡᠢ᠃ ᠵᠠᠳᠠᠯᠤᠯᠲᠠ ᠠᠴᠠ | ᠦᠵᠡᠪᠡᠯ᠂ ᠪᠤᠷᠴᠠᠭ ᠤᠨ ᠲᠥᠷᠥᠯ ᠤᠨ ᠢᠳᠡᠭᠡᠨ ᠢ ᠨᠠᠩ ᠠᠷᠪᠢᠨ ᠢᠳᠡᠵᠦ ᠪᠠᠶᠢᠭ᠎ᠠ ᠲᠡᠳᠡᠭᠡᠷ ᠬᠡᠦᠬᠡᠳ ᠤᠨ ᠠᠩᠬᠠᠷᠤᠯ ᠨᠢ ᠨᠠᠩ ᠲᠦᠷᠭᠡᠨ ᠲᠤᠰᠬᠠᠯ ᠤᠨ | ᠬᠤᠷᠳᠤᠴᠠ ᠪᠠ ᠰᠢᠢᠳᠪᠦᠷᠢᠯᠡᠬᠦ ᠬᠤᠷᠳᠤᠴᠠ ᠲᠠᠢ ᠶᠢ ᠢᠯᠡᠷᠡᠭᠦᠯᠵᠡᠢ᠃ ᠰᠤᠳᠤᠯᠭᠠᠨ ᠤ ᠠᠵᠢᠯᠲᠠᠨ ᠢᠯᠡᠷᠬᠡᠶᠢᠯᠡᠬᠦ ᠳᠡᠭᠡᠨ᠂ ᠪᠠᠷᠤᠭ 230 ᠭᠷᠡᠮ ᠤᠨ | ᠪᠤᠷᠴᠠᠭ ᠤᠨ ᠵᠤᠲᠠᠩ ᠳᠤ ᠪᠠᠷᠤᠭ 28 ᠮᠢᠯᠢᠭᠷᠡᠮ ᠢᠽᠥᠹᠯᠠᠸᠥᠨ ᠠᠭᠤᠯᠤᠭᠳᠠᠵᠤ ᠪᠠᠶᠢᠨ᠎ᠠ᠃ ᠢᠽᠥᠹᠯᠠᠸᠥᠨ ᠢ ᠰᠢᠩᠭᠡᠬᠡᠨ ᠠᠪᠬᠤ ᠬᠡᠮᠵᠢᠶ᠎ᠡ ᠶᠢ | ᠨᠡᠮᠡᠭᠳᠡᠭᠦᠯᠬᠦ ᠳᠤ ᠰᠢᠷ᠎ᠠ ᠪᠤᠷᠴᠠᠭ ᠪᠤᠶᠤ ᠪᠤᠷᠴᠠᠭ ᠤᠨ ᠵᠤᠲᠠᠩ ᠨᠢ ᠵᠦᠭᠡᠷ ᠰᠤᠩᠭᠤᠯᠲᠠ ᠪᠤᠯᠬᠤ ᠪᠦᠭᠡᠳ ᠪᠠᠰᠠ ᠪᠤᠷᠴᠠᠭ ᠤᠨ ᠢᠰᠭᠡᠮᠡᠯ᠂ ᠳ᠋ᠧᠦᠹᠦ ᠶᠢ | ᠰᠤᠩᠭᠤᠵᠤ ᠪᠤᠯᠤᠨ᠎ᠠ᠃ | ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ | | | |