ᠣᠷᠠᠳ ᠤᠨ ᠡᠮᠦᠨᠡᠲᠤ  ᠬᠤᠰᠢᠭᠤᠨ ᠤ ᠮᠣᠨᠠ ᠠᠭᠤᠯᠠ ᠪᠠᠯᠭᠠᠰᠣᠨ ᠤ ᠦᠨᠳᠦᠰᠦᠲᠡᠨ ᠤ ᠨᠡᠶᠢᠭᠡᠮ ᠲᠣᠭᠤᠷᠢᠭ  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠣᠳᠬᠠᠶ᠎ᠠ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/27
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠣᠷᠠᠳ ᠤᠨ ᠡᠮᠦᠨᠡᠲᠤ  ᠬᠤᠰᠢᠭᠤᠨ ᠤ ᠮᠣᠨᠠ ᠠᠭᠤᠯᠠ ᠪᠠᠯᠭᠠᠰᠣᠨ ᠤ  ᠦᠨᠳᠦᠰᠦᠲᠡᠨ ᠤ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ  ᠦᠷᠨᠢᠬᠦᠯᠪᠡ᠃   ᠬᠦᠳᠡᠯᠭᠡᠭᠡᠨ ᠳᠤ᠂ ᠨᠡᠶᠢᠭᠡᠮ ᠲᠣᠭᠤᠷᠢᠭ ᠤᠨ ᠫᠠᠨ ᠴᠦᠨ ᠰᠢᠶᠠ ᠱᠦᠵᠢ ᠠᠴᠠ ︽ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ︾ ᠬᠠᠮᠲᠤ ᠶᠢᠨ ᠣᠶᠢᠯᠠᠭᠠᠭᠳᠠᠬᠤᠨ ᠢᠶᠠᠷ ᠭᠤᠣᠯᠳᠠᠭᠤᠯᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠠᠯᠵᠤ ᠪᠣᠯᠤᠰᠢ ᠦᠭᠡᠢ ᠨᠢᠭᠲᠠ ᠬᠠᠷᠢᠯᠴᠠᠭ᠎ᠠ ᠶᠢ ᠠᠮᠢᠳᠤᠯᠢᠭ ᠢᠶᠠᠷ ᠲᠣᠳᠣᠷᠬᠠᠶᠢᠯᠠᠨ ᠦᠬᠦᠯᠡᠬᠦ ᠶᠢᠨ ᠬᠠᠮᠲᠤ ︽ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ︾ ᠤᠨ ᠲᠠᠪᠤᠨ ᠳᠡᠭᠡᠳᠦ ᠬᠡᠮᠵᠢᠶᠡᠨ ᠤ ᠮᠡᠳᠡᠷᠡᠮᠵᠢ ᠶᠢ ᠴᠢᠬᠤᠯᠠᠴᠢᠯᠠᠵᠤ᠂ ᠰᠠᠭᠤᠭᠠᠯᠢ ᠠᠷᠠᠳ ᠤᠨ ᠤᠯᠤᠰ ᠤᠨ ᠵᠡᠭᠦᠳᠦ᠂ ᠦᠨᠳᠦᠰᠦᠲᠡᠨ ᠤ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢ ᠵᠣᠷᠢᠭᠵᠢᠭᠤᠯᠵᠠᠶ᠃ ᠡᠭᠦᠨ ᠠᠴᠠ ᠭᠠᠳᠠᠨ᠎ᠠ ᠪᠠᠰᠠ ︽ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ︾ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠨ᠂ ᠡᠶ᠎ᠡ ᠵᠣᠬᠢᠴᠠᠯ ᠲᠠᠢ ᠬᠡᠷ ᠣᠷᠣᠨ ᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ ᠭᠡᠵᠦ ᠣᠨᠴᠠᠭᠠᠶᠢᠯᠠᠨ ᠳᠤᠷᠠᠳᠤᠭᠰᠠᠨ ᠪᠠᠶᠢᠨ᠎ᠠ᠃     ᠲᠤᠰ ᠣᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠡᠶ᠎ᠡ ᠵᠣᠬᠢᠴᠠᠩᠭᠤᠢ ᠦᠨᠳᠦᠰᠦᠲᠡᠨ ᠤ ᠬᠠᠷᠢᠴᠠᠭ᠎ᠠ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠣᠰ ᠨᠡᠶᠢᠭᠡᠮ ᠲᠣᠭᠤᠷᠢᠭ ᠤᠨ ᠬᠢᠨ ︽ᠨᠠᠮ ᠤᠨ ᠳᠠᠭᠤᠨ ᠢ ᠲᠦᠮᠡᠨ ᠡᠷᠦᠬᠡ ᠳᠤ ᠳᠠᠭᠤᠷᠢᠰᠬᠤ︾ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠬᠠᠮᠲᠤᠪᠠᠷ ᠵᠢᠷᠤᠭᠯᠠᠬᠤ ᠪᠣᠯᠤᠨ᠎ᠠ᠃                                                                        ᠴᠠᠶᠢᠨ᠎ᠠ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ