ᠣᠷᠠᠳ ᠤᠨ ᠡᠮᠦᠨᠡᠲᠤ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠨᠢᠨ ᠮᠡᠳᠡᠭᠡ ᠬᠡᠪᠯᠡᠯ ᠤᠨ ᠵᠠᠬ᠎ᠠ ᠳᠡᠯᠭᠡᠭᠦᠷ ᠲᠤ ︽ᠬᠤᠶᠠᠷ ᠢ ᠲᠠᠰᠢᠷᠠᠮ ᠢᠶᠠᠷ ᠬᠢᠬᠦ︾ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/27
    ᠣᠶᠢᠷ᠎ᠠ ᠳᠤ᠂ ᠣᠷᠠᠳ ᠤᠨ ᠡᠮᠦᠨᠡᠲᠤ ᠬᠤᠰᠢᠭᠤᠨ ᠤ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ  ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠬᠤᠲᠠ ᠶᠢᠨ ᠲᠣᠭᠤᠷᠢᠭ ᠤᠨ 8 ᠨᠣᠮ ᠤᠨ ᠳᠡᠯᠭᠡᠭᠦᠷ᠂ ᠬᠡᠪᠯᠡᠯ ᠤᠨ ᠠᠵᠤ ᠠᠬᠤᠶᠢᠯᠠᠯ ᠳᠤ ︽ᠬᠤᠶᠠᠷ ᠢ ᠲᠠᠰᠢᠷᠠᠮ ᠢᠶᠠᠷ ᠬᠢᠬᠦ︾ ᠬᠠᠤᠯᠢ ᠬᠡᠷᠡᠭᠵᠢᠭᠦᠯᠬᠦ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃   ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠠᠴᠠ ᠨᠣᠮ ᠤᠨ ᠳᠡᠯᠭᠡᠭᠦᠷ᠂ ᠬᠡᠪᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠬᠡᠪᠯᠡᠭᠳᠡᠬᠦᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠬᠠᠮᠢᠶ᠎ᠠ ᠪᠦᠬᠦᠢ ᠦᠨᠡᠮᠯᠡᠯ ᠢ ᠡᠯᠭᠦᠭᠰᠡᠨ ᠡᠰᠡᠬᠦ︔ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠦᠢᠯᠡ ᠠᠵᠢᠯᠯᠠᠭ᠎ᠠ᠂ ᠪᠣᠷᠣᠯᠠᠭᠤᠯᠭ᠎ᠠ ᠶᠢᠨ ᠲᠡᠮᠳᠡᠭᠯᠡᠯ ᠨᠢ ᠪᠦᠷᠢᠨ ᠪᠦᠲᠦᠨ ᠪᠠᠶᠢᠬᠤ ᠡᠰᠡᠬᠦ᠂ ᠬᠡᠪᠯᠡᠯ ᠤᠨ ᠪᠦᠲᠦᠭᠡᠭᠳᠡᠬᠦᠨ ᠤ ᠨᠠᠶᠢᠳᠠᠨ ᠳᠠᠷᠤᠮᠠᠯᠯᠠᠭᠰᠠᠨ ᠭᠠᠷᠳᠠᠮ ᠨᠢ ᠪᠦᠷᠢᠨ ᠭᠦᠢᠴᠡᠳ ᠪᠠᠶᠢᠬᠤ ᠡᠰᠡᠬᠦ︔ ᠵᠠᠭᠪᠤᠷ ᠳᠡᠭᠡᠷᠡᠬᠢ ᠨᠣᠮ ᠪᠢᠴᠢᠭ᠂ ᠬᠡᠪᠯᠡᠯ ᠤᠨ ᠠᠵᠤ ᠠᠬᠤᠶᠢᠯᠠᠯ ᠤᠨ ᠬᠦᠯᠢᠶᠡᠨ ᠠᠪᠤᠭᠰᠠᠨ ᠵᠠᠬᠢᠶᠠᠯᠠᠭ᠎ᠠ ᠶᠢᠨ ᠠᠭᠤᠯᠭ᠎ᠠ ᠳᠤ ᠬᠠᠤᠯᠢ ᠪᠤᠰᠤ ᠬᠡᠪᠯᠡᠭᠳᠡᠬᠦᠨ ᠤ ᠭᠦᠢᠯᠭᠡᠭᠡ᠂ ᠳᠠᠷᠤᠮᠠᠯᠯᠠᠭᠰᠠᠨ ᠪᠠᠶᠢᠳᠠᠯ ᠪᠠᠶᠢᠬᠤ ᠡᠰᠡᠬᠦ︔ ᠪᠠᠷᠠᠭ᠎ᠠ ᠣᠷᠣᠭᠤᠯᠬᠤ ᠨᠠᠷᠢᠨ ᠲᠠᠩᠰᠠ᠂ ᠤᠯᠤᠰ ᠲᠦᠷᠦ ᠶᠢᠨ ᠴᠢᠨᠠᠷᠲᠠᠢ ᠬᠤᠣᠷ ᠬᠥᠨᠥᠭᠡᠯ ᠲᠠᠢ ᠬᠡᠪᠯᠡᠭᠳᠡᠬᠦᠨ ᠢ ᠡᠵᠡᠩᠨᠡᠭᠰᠡᠨ ᠪᠠᠶᠢᠬᠤ ᠡᠰᠡᠬᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠬᠤᠬᠢᠷᠠᠭᠤᠯᠤᠭᠰᠠᠨ ᠤᠩᠰᠢᠬᠤ ᠪᠢᠴᠢᠭ ᠢ ᠡᠵᠡᠩᠨᠡᠵᠦ ᠪᠠᠶᠢᠬᠤ ᠡᠰᠡᠬᠦ ᠵᠡᠷᠭᠡ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠢ ᠪᠠᠶᠢᠴᠠᠭᠠᠬᠤ ᠶᠢᠨ ᠬᠠᠮᠲᠣ ᠂ ᠡᠵᠡᠩᠨᠡᠯᠲᠡ ᠶᠢᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠪᠠᠶᠢᠬᠤ ᠡᠰᠡᠬᠦ᠂ ᠭᠠᠯ ᠤᠨᠲᠠᠷᠠᠭᠠᠭᠤᠷ ᠤᠨ ᠬᠦᠴᠦᠨ ᠲᠠᠢ ᠬᠤᠭᠤᠴᠠᠭᠠᠨ ᠳᠤ ᠬᠡᠪ ᠤᠨ ᠪᠠᠶᠢᠳᠠᠯ ᠢᠶᠠᠷ ᠬᠡᠷᠡᠭᠯᠡᠵᠦ ᠪᠣᠯᠬᠤ᠂ ᠭᠠᠯ ᠤᠨᠲᠠᠷᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ ᠡᠰᠡᠬᠦ ᠶᠢ  ᠦᠵᠡᠪᠡ᠃    ᠪᠠᠶᠢᠴᠠᠭᠠᠯᠲᠠ ᠪᠠᠷ ᠲᠠᠮᠵᠢᠨ᠂ ᠣᠯᠠᠩᠬᠢ ᠡᠵᠡᠩᠨᠡᠯᠲᠡ ᠶᠢᠨ ᠨᠢᠭᠡᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠭᠡᠷᠡᠴᠢ ᠦᠨᠡᠮᠯᠡᠯ ᠨᠢ ᠪᠦᠷᠢᠨ ᠭᠦᠢᠴᠡᠳ᠂ ᠵᠢᠷᠤᠮᠵᠢᠭᠤᠨ ᠡᠵᠡᠩᠨᠡᠯᠲᠡ ᠶᠢ ᠪᠡᠶᠡᠯᠡᠭᠦᠯᠵᠦ  ᠪᠠᠶᠢᠭ᠎ᠠ ᠪᠣᠯᠪᠠᠴᠤ ᠣᠨᠴᠠ ᠵᠠᠷᠢᠮ ᠨᠢᠭᠡᠴᠢ  ᠳᠤ ᠭᠡᠷᠡᠴᠢ ᠦᠨᠡᠮᠯᠡᠯ ᠢᠶᠠᠨ ᠬᠡᠷᠡᠮ ᠳᠤ ᠨᠠᠭᠠᠭᠰᠠᠨ ᠥᠬᠡᠶ᠂ ᠭᠠᠯ ᠤᠨᠲᠠᠷᠠᠭᠠᠭᠤᠷ ᠤᠨ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠪᠠᠶᠢᠴᠠᠭᠠᠭᠰᠠᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠠᠰᠠᠭᠤᠳᠠᠯ ᠣᠷᠣᠰᠢᠭᠰᠠᠨ ᠢ ᠨᠢ ᠬᠠᠤᠯᠢ ᠬᠡᠷᠡᠭᠵᠢᠭᠦᠯᠬᠦ ᠠᠵᠢᠯᠲᠠᠨ ᠠᠴᠠ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠬᠤ ᠶᠢᠨ ᠬᠠᠮᠲᠤ ᠡᠵᠡᠩᠨᠡᠯᠲᠡ ᠶᠢᠨ ᠨᠢᠭᠡᠴᠢ ᠳᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠂ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠵᠢᠴᠢ ᠬᠡᠪᠯᠡᠯ ᠤᠨ ᠦᠢᠯᠡᠰ ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠡᠯ᠎ᠡ ᠡᠵᠡᠩᠨᠡᠭᠴᠢ ᠶᠢ ᠡᠷᠬᠡᠪᠰᠢ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠪᠠᠷᠠᠭ᠎ᠠ ᠣᠷᠣᠭᠤᠯᠬᠤ ᠠᠷᠭ᠎ᠠ ᠵᠠᠮ ᠤᠨ ᠪᠣᠭᠤᠮᠲᠠ ᠶᠢ ᠴᠢᠩᠭ᠎ᠠ ᠠᠳᠬᠤᠵᠤ᠂ ᠬᠠᠤᠯᠢ ᠪᠤᠰᠤ ᠬᠡᠪᠯᠡᠭᠳᠡᠬᠦᠨ ᠪᠠ ᠱᠠᠯᠢᠭ ᠵᠠᠪᠬᠠᠶ᠂ ᠪᠤᠳᠠᠰ ᠤᠨ ᠪᠤᠰᠤ ᠰᠤᠶᠤᠯ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠵᠦ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠤᠬᠢᠷᠠᠭᠤᠯᠬᠤ ᠶᠢ ᠰᠡᠷᠭᠡᠶᠢᠯᠡᠬᠦ ᠬᠡᠷᠡᠭᠲᠡᠶ ᠬᠡᠪᠡ᠃    ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠪᠠᠷ ᠳᠡᠮᠵᠢᠨ᠂ ᠨᠣᠮ ᠤᠨ ᠳᠡᠯᠭᠡᠭᠦᠷ᠂ ᠬᠡᠪᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠥᠮᠴᠢᠲᠡᠨ ᠤ ᠬᠠᠤᠯᠢ ᠶᠢ ᠰᠠᠬᠢᠵᠤ ᠡᠵᠡᠩᠨᠡᠬᠦ ᠦᠵᠡᠯ ᠤᠬᠠᠮᠰᠠᠷ ᠪᠠ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠨᠢᠨ ᠮᠡᠳᠡᠭᠡ ᠬᠡᠪᠯᠡᠯ ᠤᠨ ᠵᠠᠬ᠎ᠠ ᠳᠡᠯᠭᠡᠭᠦᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠪᠠ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠵᠦ᠂ ᠬᠤᠤᠷ ᠬᠥᠨᠥᠭᠡᠯ ᠲᠠᠢ ᠬᠡᠪᠯᠡᠭᠳᠡᠬᠦᠨ ᠢ ᠲᠠᠷᠬᠠᠭᠠᠬᠤ ᠶᠢ ᠡᠷᠡᠰ ᠬᠤᠷᠢᠭᠯᠠᠵᠤ᠂ ᠥᠷᠭᠡᠨ ᠣᠯᠠᠨ ᠲᠦᠮᠡᠨ ᠳᠤ ᠡᠷᠡᠭᠦᠯ ᠴᠢᠭᠢᠷᠠᠭ᠂ ᠥᠭᠡᠳᠡᠷᠬᠡᠭ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃                                              ᠴᠠᠶᠢᠨ᠎ᠠ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ