ᠤᠨᠳᠠᠬᠤ ᠦᠶ᠎ᠡ ᠶᠢᠨ ᠨᠢᠭᠡᠨ ᠬᠤᠪᠢᠷᠠᠯᠲᠠ ᠨᠢ ᠦᠳᠡᠯᠬᠦ ᠶᠢᠨ ᠳᠣᠬᠢᠶ᠎ᠠ ᠪᠠᠶᠢᠵᠤ ᠮᠡᠳᠡᠨ᠎ᠡ᠂ ᠮᠠᠭᠤ ᠡᠷᠭᠢᠯᠲᠡ ᠨᠢ ᠦᠳᠡᠯᠬᠦ ᠶᠢ ᠲᠦᠷᠭᠡᠳᠭᠡᠨ᠎ᠡ︕
ᠨᠡᠶᠢᠲᠡᠯᠡᠭᠰᠡᠨ ᠴᠠᠭ᠄
2024/8/27
     ᠡᠮᠴᠢᠯᠡᠭᠡᠨ ᠤ ᠠᠨᠠᠭᠠᠬᠤ ᠤᠬᠠᠭᠠᠨ ᠤ ᠲᠠᠯ᠎ᠠ ᠠᠴᠠ ᠠᠪᠴᠤ ᠬᠡᠯᠡᠪᠡᠯ ᠥᠷᠯᠥᠭᠡ ᠡᠷᠲᠡ ᠶᠢᠨ 2 ᠠᠴᠠ 4 ᠴᠠᠭ ᠲᠤ ᠰᠡᠷᠢᠵᠦ᠂ ᠰᠡᠷᠭᠦᠭᠰᠡᠨ ᠤ ᠰᠡᠭᠦᠯᠡᠷ ᠳᠠᠬᠢᠨ ᠤᠨᠲᠠᠵᠤ ᠴᠢᠳᠠᠬᠤ ᠦᠭᠡᠢ ᠦᠵᠡᠭᠳᠡᠯ ᠢ ︽ᠡᠷᠲᠡ ᠰᠡᠷᠢᠬᠦ︾ ᠭᠡᠳᠡᠭ᠃ ᠬᠠᠶᠠ ᠵᠠᠷᠢᠮ ᠳᠠᠭᠠᠨ ᠡᠷᠲᠡ ᠰᠡᠷᠢᠬᠦ ᠨᠢ ᠬᠦᠮᠦᠨ ᠤ ᠪᠡᠶ᠎ᠡ ᠦᠳᠡᠯᠬᠦ ᠶᠢᠨ ᠬᠡᠪ ᠤᠨ ᠢᠯᠡᠷᠡᠯ ᠪᠤᠯᠤᠨ᠎ᠠ᠂ ᠤᠷᠲᠤ ᠬᠤᠭᠤᠴᠠᠭ᠎ᠠ ᠪᠠᠷ ᠡᠷᠲᠡ ᠰᠡᠷᠢᠬᠦ ᠠᠴᠠ ᠪᠤᠯᠵᠤ ᠪᠠᠰᠠ ᠪᠡᠶ᠎ᠡ ᠡᠪ ᠦᠭᠡᠶᠢᠷᠡᠬᠦ ᠪᠠᠶᠢᠳᠠᠯ ᠭᠠᠷᠬᠤ᠂ ᠲᠤᠬᠠᠶᠢᠯᠠᠪᠠᠯ ᠵᠢᠷᠦᠬᠡ ᠲᠡᠯᠡᠰᠬᠦ᠂ ᠴᠡᠭᠡᠵᠢ ᠪᠢᠲᠡᠭᠦᠷᠡᠬᠦ᠂ ᠰᠠᠭᠤᠯᠭᠠᠬᠤ ᠵᠡᠷᠭᠡ ᠪᠠᠶᠢᠳᠠᠯ ᠭᠠᠷᠴᠤ ᠮᠡᠳᠡᠨ᠎ᠡ᠂ ᠡᠨᠡ ᠨᠢ ᠠᠮᠢᠳᠤᠷᠠᠯ ᠤᠨ ᠴᠢᠨᠠᠷ ᠴᠢᠨᠰᠠᠭ᠎ᠠ ᠨᠢ ᠬᠦᠨᠳᠦ ᠨᠣᠴᠢᠲᠠᠢ ᠨᠥᠯᠦᠭᠡᠯᠡᠳᠡᠭ᠃ ᠵᠠᠷᠢᠮ ᠬᠦᠮᠦᠨ ᠡᠷᠲᠡ ᠰᠡᠷᠢᠭᠡᠳ ᠳᠠᠬᠢᠨ ᠤᠨᠳᠠᠵᠤ ᠲᠡᠶᠢᠯᠬᠦ ᠦᠭᠡᠢ᠂ ᠤᠷᠳᠤ ᠬᠤᠭᠤᠴᠠᠭ᠎ᠠ ᠪᠠᠷ ᠨᠦᠢᠷ ᠠᠯᠳᠠᠳᠠᠭ᠃ ᠰᠠᠶᠢᠳᠤᠷ ᠤᠨᠳᠠᠵᠤ ᠲᠡᠶᠢᠯᠬᠦ ᠦᠭᠡᠢ ᠪᠤᠯ ᠨᠦᠢᠷ ᠬᠦᠷᠬᠦ᠂ ᠣᠶᠤᠨ ᠰᠠᠨᠠᠭ᠎ᠠ ᠨᠢ ᠳᠣᠷᠣᠢ ᠪᠠᠭᠤᠷᠠᠢ ᠪᠤᠯᠬᠤ ᠪᠦᠭᠡᠳ ᠪᠠᠰᠠ ᠦᠳᠡᠯᠬᠦ ᠶᠢ ᠲᠦᠷᠭᠡᠳᠬᠡᠵᠦ ᠮᠡᠳᠡᠨ᠎ᠡ᠃ 2024 ᠣᠨ ᠤ 3 ᠰᠠᠷ᠎ᠠ ᠳᠤ᠂ ᠴᠢᠩᠬᠤᠸᠠ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠡᠯᠳᠡᠰ ᠤᠨ ᠰᠤᠳᠤᠯᠤᠬᠴᠢ ᠶᠢᠨ ︽ᠰᠢᠨᠵᠢᠯᠡᠬᠦ ᠤᠬᠠᠭᠠᠨ ᠤ ᠮᠡᠳᠡᠬᠦᠯᠦᠯᠳᠡ︾ ᠰᠡᠳᠬᠦᠯ ᠲᠡᠭᠡᠷ᠎ᠡ ᠨᠡᠶᠢᠳᠡᠯᠡᠭᠰᠡᠨ ᠰᠤᠳᠤᠯᠭᠠᠨ ᠳᠤ᠂ 7 ᠴᠠᠭ ᠤᠨᠳᠠᠪᠠᠯ ᠤᠷᠳᠤ ᠨᠠᠰᠤᠯᠠᠨ᠎ᠠ᠂ ᠬᠡᠳᠤ ᠤᠷᠳᠤ ᠴᠠᠭ ᠤᠨᠳᠠᠬᠤ ᠪᠠ ᠭᠡᠳᠦ ᠤᠬᠤᠷ ᠴᠠᠭ ᠤᠨᠳᠠᠬᠤ ᠨᠢ ᠪᠦᠷ ᠢᠯᠡᠷᠡᠯ ᠤᠨ ᠴᠢᠨᠠᠷᠳᠠᠢ ᠨᠠᠰᠤ ᠶᠢ ᠨᠡᠮᠡᠭᠳᠡᠬᠦᠯᠵᠦ᠂ ᠠᠮᠢᠳᠤ ᠪᠤᠳᠠᠰ ᠤᠨ ᠤᠬᠠᠭᠠᠨ ᠤ ᠦᠳᠡᠯᠦᠬᠡ ᠨᠠᠰᠤ ᠶᠢ ᠠᠬᠢᠭᠤᠯᠳᠠᠭ᠃ ᠬᠦᠮᠦᠨ ᠤᠨᠳᠠᠬᠰᠠᠨ ᠦᠶ᠎ᠡ ᠳᠤ ᠰᠠᠶ᠋ᠢ ᠠᠷᠠᠰᠤ ᠮᠢᠬ᠎ᠠ ᠪᠡᠶ᠎ᠡ ᠴᠤᠬᠴᠠᠰ ᠤᠨ ᠢᠶᠠᠨ ᠲᠠᠮᠢᠷ ᠢ ᠨᠦᠬᠦᠨ ᠰᠢᠨᠡᠳᠬᠡᠳᠡᠭ᠃ ᠤᠷᠲᠤ ᠬᠤᠭᠤᠴᠠᠭ᠎ᠠ ᠪᠠᠷ ᠤᠨᠳᠠᠵᠦ ᠲᠡᠶᠢᠯᠬᠦ ᠦᠭᠡᠢ ᠨᠦᠢᠷ ᠠᠯᠳᠠᠬᠤ ᠳᠤ ᠬᠦᠷᠪᠡᠯ ᠠᠶᠠᠨᠳᠠᠭᠠᠨ ᠲᠦᠷᠭᠡᠨ ᠦᠳᠡᠯᠬᠦ ᠨᠢ ᠲᠦᠷᠭᠡᠳᠦᠨ᠎ᠡ ᠬᠡᠪᠡ᠃    
ᠢᠷᠡᠯᠲᠡ᠄ ᠠᠷᠠᠳ ᠤᠨ ᠮᠣᠩᠭᠤᠯ ᠰᠦᠯᠵᠢᠶ᠎ᠡ