ᠪᠡᠶ᠎ᠡ ᠶᠢᠨ ᠦᠨᠡᠮᠯᠡᠯ ᠢᠶᠠᠨ ᠵᠥᠪ ᠬᠡᠷᠡᠭᠯᠡᠬᠦ ᠶᠢ ᠬᠢᠴᠢᠶᠡᠭᠡᠷᠡᠢ
ᠨᠡᠶᠢᠲᠡᠯᠡᠭᠰᠡᠨ ᠴᠠᠭ᠄
2024/8/27
   ᠪᠡᠶ᠎ᠡ ᠶᠢᠨ ᠦᠨᠡᠮᠯᠡᠯ ᠪᠣᠯ ᠠᠷᠠᠳ ᠢᠷᠭᠡᠳ ᠤᠨ ᠪᠡᠶ᠎ᠡ ᠶᠢᠨ ᠭᠠᠷᠤᠯ ᠢ ᠭᠡᠷᠡᠴᠢᠯᠡᠬᠦ ᠴᠢᠬᠤᠯᠠ ᠦᠨᠡᠮᠯᠡᠯ ᠪᠠᠶᠢᠵᠤ᠂ ᠪᠢᠳᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠪᠡᠶ᠎ᠡ ᠶᠢᠨ ᠦᠨᠡᠮᠯᠡᠯ ᠢ ᠵᠥᠪ ᠬᠡᠷᠡᠭᠯᠡᠪᠡᠯ ᠠᠮᠢᠳᠤᠷᠠᠯ ᠳᠤᠮᠳᠠᠬᠢ ᠶᠠᠷᠰᠢᠭ ᠲᠦᠪᠡᠭ ᠢ ᠶᠡᠭᠡ ᠪᠠᠷ ᠪᠠᠭᠠᠰᠬᠠᠳᠠᠭ᠃ ᠪᠡᠶ᠎ᠡ ᠶᠢᠨ ᠦᠨᠡᠮᠯᠡᠯ ᠤᠨ ᠲᠤᠬᠠᠶ ᠳᠠᠷᠠᠭᠠᠬᠢ ᠬᠠᠤᠯᠢ ᠴᠠᠭᠠᠵᠠ ᠶᠢᠨ ᠮᠡᠳᠡᠯᠭᠡ ᠶᠢ ᠤᠯᠠᠨ ᠢᠶᠠᠷ ᠢᠶᠠᠨ ᠤᠶᠢᠯᠠᠭᠠᠵᠤ ᠠᠪᠤᠶ᠎ᠠ᠃   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠤᠯᠢ︾ᠠᠷᠪᠠᠨ ᠲᠠᠪᠤᠳᠤᠭᠠᠷ ᠵᠦᠢᠯ ᠡᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠳᠡᠭᠡᠨ ᠳᠣᠣᠷ᠎ᠠ ᠵᠢᠭᠰᠠᠭᠠᠭᠰᠠᠨ ᠪᠠᠶᠢᠳᠠᠯ ᠤᠳ ᠲᠣᠬᠢᠶᠠᠯᠳᠤᠪᠠᠯ᠂ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠦᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠰᠢᠯᠭᠠᠵᠤ ᠪᠣᠯᠤᠨ᠎ᠠ᠄   ︵ᠨᠢᠭᠡ︶ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠬᠥᠮᠦᠨ ᠤ ᠪᠡᠶ᠎ᠡ ᠶᠢᠨ ᠬᠢᠷᠢ ᠬᠡᠮ ᠢ ᠨᠢ ᠪᠠᠶᠢᠴᠠᠭᠠᠨ ᠲᠤᠳᠦᠯᠡᠬᠤ ᠴᠢᠬᠤᠯᠠᠲᠠᠶ ᠦᠶᠡᠰ︔   ︵ᠬᠤᠶᠠᠷ︶ ᠬᠠᠤᠯᠢ ᠶᠣᠰᠣᠭᠠᠷ ᠲᠤᠬᠠᠶ ᠶᠢᠨ ᠲᠠᠯᠠᠪᠤᠷ ᠤᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠳᠤ ᠬᠤᠯᠪᠣᠭᠳᠠᠯ ᠪᠦᠬᠦᠢ ᠬᠥᠮᠦᠰ ᠤᠨ ᠪᠡᠶ᠎ᠡ ᠶᠢᠨ ᠬᠢᠷᠢ ᠬᠡᠮ ᠢ ᠪᠠᠶᠢᠴᠠᠭᠠᠨ ᠳᠤᠳᠤᠯᠠᠬᠤ ᠴᠢᠬᠤᠯᠠᠲᠠᠶ ᠦᠶᠡᠰ︔   ︵ᠭᠤᠷᠪᠠ︶ ᠨᠡᠶᠢᠭᠡᠮ ᠤᠨ ᠠᠮᠤᠷ ᠲᠦᠪᠰᠢᠨ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠬᠤ ᠭᠡᠨᠡᠳᠲᠡ ᠶᠢᠨ ᠬᠡᠷᠡᠭ ᠭᠠᠷᠪᠠᠯ᠂ ᠲᠤᠬᠠᠶ ᠶᠢᠨ ᠲᠠᠯᠠᠪᠤᠷ ᠤᠨ ᠬᠤᠯᠪᠣᠭᠳᠠᠯ ᠪᠦᠬᠦᠢ ᠬᠥᠮᠦᠰ ᠤᠨ ᠪᠡᠶ᠎ᠡ ᠬᠡᠮ ᠢ ᠪᠠᠶᠢᠴᠠᠭᠠᠨ ᠲᠣᠳᠣᠷᠬᠠᠶᠢᠯᠠᠬᠤ ᠴᠢᠬᠤᠯᠠᠲᠠᠶ ᠦᠶᠡᠰ︔   ︵ᠳᠦᠷᠪᠡ︶ ᠭᠠᠯᠲᠤ ᠲᠡᠷᠭᠡᠨ ᠤᠢᠷᠳᠡᠭᠡ᠂ ᠮᠠᠰᠢᠨ ᠲᠡᠷᠭᠡᠨ ᠤᠢᠷᠳᠡᠭᠡ᠂ ᠭᠠᠷᠠᠮ᠂ ᠣᠩᠭᠤᠴᠠᠨ ᠤ ᠵᠣᠭᠰᠣᠭᠠᠯ᠂ ᠨᠢᠰᠭᠡᠯ ᠤᠨ ᠪᠠᠭᠤᠳᠠᠯ ᠪᠤᠶᠤ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠲᠣᠭᠤᠷᠢᠭ ᠬᠤᠪᠢᠶᠠᠨ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠠᠯᠠᠪᠤᠷ ᠲᠤ ᠬᠤᠯᠪᠣᠭᠳᠠᠯ ᠪᠦᠬᠦᠢ ᠬᠥᠮᠦᠰ ᠤᠨ ᠪᠡᠶ᠎ᠡ ᠬᠡᠮ ᠢ ᠪᠠᠶᠢᠴᠠᠭᠠᠨ ᠲᠤᠳᠦᠯᠡᠬᠤ ᠴᠢᠬᠤᠯᠠᠲᠠᠶ ᠦᠶᠡᠰ︔  ︵ᠲᠠᠪᠤ︶ ᠬᠠᠤᠯᠢ ᠴᠠᠭᠠᠵᠠ ᠳᠤ ᠲᠣᠭᠲᠠᠭᠠᠭᠰᠠᠨ ᠪᠡᠶ᠎ᠡ ᠶᠢᠨ ᠬᠢᠷᠢ ᠬᠡᠮ ᠢ ᠨᠢ ᠪᠠᠶᠢᠴᠠᠭᠠᠨ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ ᠳᠤ᠃    ᠡᠮᠦᠨᠡᠬᠢ ᠵᠢᠭᠰᠠᠭᠠᠭᠰᠠᠨ ᠵᠤᠷᠪᠤᠰ ᠤᠳ ᠤᠨ ᠠᠯᠢ ᠨᠢᠭᠡ ᠨᠢ ᠲᠤᠬᠢᠶᠠᠯᠳᠤᠵᠤ᠂ ᠠᠷᠠᠳ ᠤᠨ ᠴᠠᠭᠳᠠᠭ᠎ᠠ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠲᠤᠳᠤᠯᠠᠬᠤ ᠶᠢ ᠲᠡᠪᠴᠢᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠠᠳᠠᠯᠢ ᠪᠤᠰᠤ ᠪᠠᠶᠢᠳᠠᠯ ᠢ ᠢᠯᠭᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠎ᠡ᠃ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠠᠷᠤᠵᠤ ᠠᠪᠴᠤ ᠪᠣᠯᠬᠤ ᠦᠭᠡᠢ᠃ ᠭᠡᠪᠡᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ᠢᠢᠨ ᠶᠣᠰᠣᠭᠠᠷ ᠰᠠᠭᠤᠭ᠎ᠠ ᠭᠠᠵᠠᠷ ᠲᠤᠨᠢ ᠬᠢᠨᠠᠯᠲᠠ ᠲᠠᠯᠪᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠᠶᠢᠳᠠᠯ ᠡᠭᠦᠨ ᠳᠤ ᠪᠠᠭᠲᠠᠬᠤ ᠦᠭᠡᠢ᠃ᠠᠷᠪᠠᠨ ᠵᠢᠷᠭᠤᠳᠤᠭᠠᠷ ᠵᠦᠢᠯ ᠳ᠋ᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠳᠣᠩᠭᠤᠳᠴᠤ᠂ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄    ︵ᠨᠢᠭᠡ︶ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠢᠶᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠮᠡᠬᠡᠯᠡᠨ ᠠᠪᠤᠭᠰᠠᠨ︔   ︵ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠰᠢᠯᠵᠢᠭᠦᠯᠦᠨ ᠥᠭᠭᠦᠭᠰᠡᠨ︔   ︵ᠭᠤᠷᠪᠠ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠤᠯᠢ ᠪᠤᠰᠤ ᠪᠠᠷ ᠳᠠᠷᠤᠵᠤ ᠠᠪᠤᠭᠰᠠᠨ᠃ᠠᠷᠪᠠᠨ ᠳᠣᠯᠣᠳᠤᠭᠠᠷ ᠵᠦᠢᠯ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠶᠠᠷ ᠵᠠᠭᠤᠨ ᠲᠥᠭᠦᠷᠢᠭ ᠠᠴᠠ ᠳᠡᠭᠡᠭᠰᠢ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠶᠢᠳᠬᠡᠨ᠎ᠡ᠂ ᠡᠰᠡᠬᠦᠯ᠎ᠡ ᠠᠷᠪᠠᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠶᠢᠳᠬᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄    ︵ᠨᠢᠭᠡ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠬᠡᠷᠡᠭᠯᠡᠭᠰᠡᠨ ᠪᠤᠶᠤ ᠮᠡᠬᠡᠯᠡᠨ ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠡᠷᠡᠭᠯᠡᠭᠰᠡᠨ︔    ︵ᠬᠤᠶᠠᠷ︶ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠤᠳᠠᠯᠳᠤᠨ ᠠᠪᠤᠭᠰᠠᠨ᠂ ᠬᠤᠳᠠᠯᠳᠤᠭᠰᠠᠨ᠂ ᠬᠡᠷᠡᠭᠯᠡᠭᠰᠡᠨ᠃ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠮᠡᠬᠡᠯᠡᠨ ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠷᠢᠶᠠᠨ ᠠᠪᠤᠨ᠎ᠠ᠃    ᠠᠷᠪᠠᠨ ᠨᠠᠢᠮᠠᠳᠤᠭᠠᠷ ᠵᠦᠢᠯ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠠᠶᠢᠪᠠᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠲᠤᠰ ᠬᠠᠤᠯᠢ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠳᠤ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠵᠦ᠂ ᠶᠠᠯᠠᠲᠤ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾    ᠬᠤᠶᠠᠷ ᠵᠠᠭᠤ ᠨᠠᠶᠠᠳᠤᠭᠠᠷ ᠵᠦᠢᠯ ᠳᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠳᠤ ᠬᠡᠷᠡᠭᠯᠡᠵᠦ ᠪᠣᠯᠬᠤ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ᠂ ᠬᠤᠳᠠᠯᠳᠤᠭᠠᠯᠠᠭᠰᠠᠨ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠦᠷᠦ ᠶᠢᠨ ᠡᠷᠬᠡ ᠶᠢ ᠨᠢ ᠬᠠᠰᠤᠬᠤ ᠪᠠᠷ ᠰᠢᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ᠬᠤᠶᠠᠷ ᠵᠠᠭᠤ ᠨᠠᠶᠠᠳᠤᠭᠠᠷ ᠵᠦᠢᠯ ᠤᠨ ᠨᠢᠭᠡ ᠪᠣᠯᠬᠤ ︽ᠬᠠᠭᠤᠷᠮᠠᠭ ᠪᠡᠶ᠎ᠡ ᠶᠢᠨ ᠦᠨᠡᠮᠯᠡᠯ ᠬᠡᠷᠡᠭᠯᠡᠭᠰᠡᠨ᠂ ᠪᠡᠶ᠎ᠡ ᠶᠢᠨ ᠦᠨᠡᠮᠯᠡᠯ ᠢ ᠬᠤᠯᠠᠭᠠᠶᠢᠯᠠᠨ ᠬᠡᠷᠡᠭᠯᠡᠭᠰᠡᠨ ᠶᠠᠯ᠎ᠠ︾ ᠢᠢᠨ ᠲᠣᠭᠲᠠᠭᠠᠯ ᠳᠤ᠂ ᠤᠯᠤᠰ ᠤᠨ ᠲᠣᠭᠲᠠᠭᠠᠯ ᠶᠣᠰᠣᠭᠠᠷ ᠪᠡᠶ᠎ᠡ ᠶᠢᠨ ᠬᠢᠷᠢ ᠬᠡᠮ ᠤᠨ ᠭᠡᠷᠡᠴᠢ ᠬᠠᠩᠭᠠᠬᠤ ᠶᠣᠰᠣᠲᠠᠶ ᠠᠵᠢᠯᠯᠠᠭ᠎ᠠ ᠶᠢᠨ ᠳᠤᠮᠳᠠ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠪᠤᠰᠤᠳ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠳᠤ ᠬᠡᠷᠡᠭᠯᠡᠵᠦ ᠪᠣᠯᠬᠤ ᠭᠡᠷᠡᠴᠢ ᠦᠨᠡᠮᠯᠡᠯ ᠢ ᠬᠤᠯᠠᠭᠠᠶᠢᠯᠠᠨ ᠬᠡᠷᠡᠭᠯᠡᠭᠡᠳ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠬᠦ ᠪᠤᠶᠤ ᠲᠤᠰ ᠲᠤᠨᠢ ᠰᠢᠢᠳᠭᠡᠨ᠎ᠡ᠃    ᠡᠮᠦᠨᠡᠬᠢ ᠲᠣᠭᠲᠠᠭᠠᠭᠰᠠᠨ ᠵᠤᠷᠪᠤᠰ ᠲᠠᠬᠢ ᠦᠢᠯᠡ ᠠᠵᠢᠯᠯᠠᠭ᠎ᠠ ᠶᠢ ᠬᠢᠬᠦ ᠶᠢᠨ ᠬᠠᠮᠲᠤ ᠪᠤᠰᠤᠳ ᠶᠠᠯ᠎ᠠ ᠶᠢ ᠪᠦᠷᠢᠯᠳᠦᠭᠦᠯᠦᠭᠰᠡᠨ ᠪᠠᠶᠢᠪᠠᠯ᠂ ᠨᠡᠯᠢᠶᠡᠳ ᠬᠦᠨᠳᠦ ᠪᠠᠷ ᠰᠢᠢᠳᠭᠡᠬᠦ ᠲᠣᠭᠲᠠᠭᠠᠯ ᠶᠣᠰᠣᠭᠠᠷ ᠶᠠᠯ᠎ᠠ ᠲᠣᠭᠲᠠᠭᠠᠵᠤ ᠰᠢᠢᠳᠭᠡᠨ᠎ᠡ᠃   ᠰᠠᠨᠠᠭᠤᠯᠤᠮᠵᠢ   ᠪᠡᠶ᠎ᠡ ᠶᠢᠨ ᠦᠨᠡᠮᠯᠡᠯ ᠢᠶᠠᠨ ᠰᠠᠶᠢᠲᠤᠷ ᠬᠠᠳᠠᠭᠠᠯᠠᠶ᠎ᠠ    1. ᠪᠡᠶ᠎ᠡ ᠶᠢᠨ ᠦᠨᠡᠮᠯᠡᠯ ᠢ ᠳᠤᠷ᠎ᠠ ᠪᠠᠷ ᠢᠶᠠᠨ ᠲᠦᠷᠢᠶᠡᠰᠦᠯᠡᠭᠦᠯᠵᠦ᠂ ᠵᠢᠭᠡᠯᠡᠭᠦᠯᠵᠦ᠂ ᠰᠢᠯᠵᠢᠭᠦᠯᠦᠨ ᠥᠭᠴᠦ ᠪᠣᠯᠬᠤ ᠥᠬᠡᠶ   ᠣᠶᠢᠷ᠎ᠠ ᠶᠢᠨ ᠵᠢᠯ ᠤᠳ ᠲᠤ᠂ ᠪᠡᠶ᠎ᠡ ᠶᠢᠨ ᠦᠨᠡᠮᠯᠡᠯ ᠢᠶᠠᠨ ᠵᠢᠭᠡᠯᠡᠭᠦᠯᠦᠭᠰᠡᠨ ᠠᠴᠠ ᠪᠣᠯᠵᠣ ᠡᠭᠦᠰᠦᠭᠰᠡᠨ ᠢᠷᠭᠡᠨ ᠤ ᠬᠡᠷᠡᠭ ᠪᠠ ᠡᠷᠡᠭᠦᠦ ᠶᠢᠨ ᠬᠡᠷᠡᠭ ᠤᠨ ᠵᠢᠱᠢᠶ᠎ᠡ ᠪᠠᠶᠢᠨ ᠳᠠᠬᠢᠨ ᠭᠠᠷᠴᠤ ᠪᠤᠢ᠂ ᠵᠠᠷᠢᠮ ᠬᠥᠮᠦᠨ ᠪᠡᠶ᠎ᠡ ᠶᠢᠨ ᠮᠡᠳᠡᠭᠡ ᠵᠠᠩᠭᠢ ᠪᠠᠨ ᠬᠤᠯᠠᠭᠠᠶᠢᠯᠠᠭᠳᠠᠭᠰᠠᠨ ᠠᠴᠠ ᠪᠣᠯᠵᠣ ᠬᠤᠪᠢ ᠬᠥᠮᠦᠨ ᠤ ᠢᠲᠡᠭᠡᠮᠵᠢ ᠶᠢ ᠨᠥᠯᠥᠭᠡᠯᠡᠵᠦ᠂ ᠵᠠᠷᠢᠮ ᠨᠢ ᠴᠢᠨᠠᠭᠰᠢᠯᠠᠭᠠᠳ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠰᠡᠵᠢᠭᠯᠡᠯᠲᠡᠶ ᠤᠴᠢᠷ ᠠᠴᠠ ᠪᠤᠯᠵᠤ ᠠᠴᠠ ᠡᠷᠡᠭᠦᠦ ᠶᠢᠨ ᠬᠡᠷᠡᠭ ᠢᠶᠠᠷ ᠨᠡᠬᠡᠮᠵᠢᠯᠡᠭᠳᠡᠵᠡᠢ᠃   2. ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠠᠷᠤᠵᠤ ᠠᠪᠴᠤ ᠪᠣᠯᠬᠤ ᠥᠬᠡᠶ ︵ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠨᠢ ᠡᠭᠦᠨ ᠳᠤ ᠪᠠᠭᠲᠠᠬᠤ ᠥᠬᠡᠶ︶   ᠠᠮᠢᠳᠤᠷᠠᠯ ᠳᠤᠮᠳᠠ ᠪᠢᠳᠡ ᠶᠠᠷᠰᠢᠭ ᠲᠦᠪᠡᠭ ᠲᠤ ᠤᠴᠠᠷᠠᠬᠤ ᠦᠶ᠎ᠡ ᠳᠤ᠂ ᠪᠤᠰᠤᠳ ᠤᠨ ᠪᠡᠶ᠎ᠡ ᠶᠢᠨ ᠦᠨᠡᠮᠯᠡᠯ ᠢ ᠦᠯᠡᠳᠡᠭᠡᠨ ᠠᠪᠬᠤ ᠪᠠᠷ ᠱᠠᠭᠠᠷᠳᠠᠬᠤ ᠪᠠᠶᠢᠳᠠᠯ ᠲᠠᠢ ᠬᠠᠶᠠ ᠲᠣᠬᠢᠶᠠᠯᠳᠤᠳᠠᠭ᠂ ᠡᠨᠡ ᠦᠶ᠎ᠡ ᠳᠤ ᠪᠢᠳᠡ ᠪᠡᠶ᠎ᠡ ᠶᠢᠨ ᠦᠨᠡᠮᠯᠡᠯ ᠢ ᠳᠤᠷ᠎ᠠ ᠪᠠᠷ ᠢᠶᠠᠨ ᠦᠯᠡᠳᠡᠭᠡᠨ ᠠᠪᠬᠤ ᠦᠢᠯᠡ ᠠᠵᠢᠯᠯᠠᠭ᠎ᠠ ᠶᠢ ᠵᠠᠪᠠᠯ ᠲᠡᠪᠴᠢᠬᠦ ᠬᠡᠷᠡᠭᠲᠡᠶ᠃   3. ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠢᠴᠢ ᠪᠡᠶ᠎ᠡ ᠶᠢᠨ ᠭᠡᠷᠡᠴᠢᠯᠡᠯ ᠢ ᠬᠤᠳᠠᠯᠳᠤᠨ ᠠᠪᠬᠤ᠂ ᠬᠤᠳᠠᠯᠳᠤᠭᠠᠯᠠᠬᠤ ᠪᠤᠶᠤ ᠬᠡᠷᠡᠭᠯᠡᠵᠤ ᠪᠤᠯᠬᠤ ᠦᠭᠡᠢ   ᠪᠡᠶ᠎ᠡ ᠶᠢᠨ ᠦᠨᠡᠮᠯᠡᠯ ᠪᠣᠯ ᠬᠤᠪᠢ ᠬᠥᠮᠦᠨ ᠤ ᠲᠤᠰᠬᠠᠶ ᠬᠡᠷᠡᠭᠯᠡᠬᠦ ᠦᠨᠡᠮᠯᠡᠯ ᠳᠤ ᠲᠣᠭᠠᠴᠢᠭᠳᠠᠨ᠎ᠠ᠂ ᠡᠷᠬᠡᠪᠰᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠦᠢᠯᠡᠳᠴᠦ᠂ ᠣᠯᠭᠤᠬᠤ ᠬᠡᠷᠡᠭᠲᠡᠶ᠂ ᠳᠤᠷ᠎ᠠ ᠪᠠᠷ ᠢᠶᠠᠨ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠦᠢᠯᠡ ᠠᠵᠢᠯᠯᠠᠭ᠎ᠠ ᠪᠣᠯ ᠴᠥᠮ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠲᠣᠭᠠᠴᠢᠭᠳᠠᠨ᠎ᠠ᠃ ᠥᠴᠦᠬᠡᠨ ᠠᠰᠢᠭ ᠲᠤ ᠰᠢᠨᠤᠵᠤ᠂ ᠥᠪᠡᠷ ᠤᠨ ᠪᠡᠶ᠎ᠡ ᠶᠢᠨ ᠦᠨᠡᠮᠯᠡᠯ ᠢᠶᠠᠨ ᠪᠤᠰᠤᠳ ᠲᠤ ᠲᠦᠷᠢᠶᠡᠰᠦᠯᠡᠨ ᠥᠭᠬᠦ᠂ ᠵᠢᠭᠡᠯᠡᠭᠦᠯᠬᠦ᠂ ᠬᠤᠳᠠᠯᠳᠤᠨ ᠥᠭᠴᠦ ᠬᠡᠷᠡᠭᠯᠡᠭᠦᠯᠵᠦ ᠶᠠᠭᠠᠬᠢᠭᠰᠠᠨ ᠴᠤ ᠪᠣᠯᠬᠤ ᠦᠭᠡᠶ᠃   ︵︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ︾᠂ ︽ᠬᠠᠤᠯᠢ ᠪᠠᠷ ᠵᠠᠰᠠᠬᠤ ᠡᠳᠦᠷ ᠤᠨ ᠰᠣᠨᠢᠨ︾ ᠠᠴᠠ ᠦᠨᠳᠦᠰᠦᠯᠡᠵᠤ ᠤᠷᠴᠢᠭᠤᠯᠤᠨ ᠨᠠᠶᠢᠷᠠᠭᠤᠯᠪᠠ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ