ᠠᠩᠬᠠᠷ︕ ᠲᠤᠰᠬᠠᠶ ᠠᠰᠢᠭ ᠤᠨ ᠰᠦᠢᠳᠭᠡᠯ ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/8/29
    ︽ᠲᠤᠰᠬᠠᠶ ᠠᠰᠢᠭ ᠤᠨ ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠰᠢᠯᠢᠳᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠡᠳ᠋ ᠭᠠᠶᠢᠯᠢ ﹇2024﹈23 ᠳ᠋ᠤᠭᠠᠷ ᠲᠣᠭᠠᠲᠤ︶᠂ ︽ᠲᠤᠰᠬᠠᠶ ᠠᠰᠢᠭ ᠤᠨ ᠡᠷᠬᠡ ᠶᠢᠨ ᠨᠥᠬᠦᠪᠥᠷᠢ ᠶᠢᠨ ᠬᠤᠭᠤᠴᠠᠭᠠᠨ ᠤ ᠣᠨ ᠤ ᠰᠦᠢᠳᠬᠡᠯ ᠤᠨ ᠪᠠᠷᠢᠮᠵᠢᠶ᠎ᠠ ᠵᠡᠷᠭᠡ ᠬᠤᠯᠪᠣᠭᠳᠠᠯ ᠪᠥᠬᠦᠶ ᠵᠦᠢᠯᠡᠰ ᠤᠨ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ﹇2024﹈ 1156 ᠳ᠋ᠤᠭᠠᠷ ᠲᠣᠭᠠᠲᠤ︶ ᠢ ᠦᠨᠳᠦᠰᠦᠯᠡᠨ᠂  ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠢᠨ ᠳᠡᠭᠡᠷ᠎ᠡ ᠳᠤᠷᠠᠳᠤᠭᠰᠠᠨ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠰᠡᠭ ᠲᠤᠰᠬᠠᠶ ᠠᠰᠢᠭ ᠤᠨ ᠰᠦᠢᠳᠭᠡᠯ ᠬᠤᠷᠢᠶᠠᠬᠤ ᠪᠠᠷᠢᠮᠵᠢᠶ᠎ᠠ ᠪᠠ ᠬᠠᠰᠤᠵᠤ ᠲᠤᠰᠢᠶᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠶ᠎ᠡ᠄    ᠨᠢᠭᠡ᠂ ᠲᠤᠰᠬᠠᠢ ᠠᠰᠢᠭ ᠤᠨ ᠡᠷᠬᠡᠲᠦ ᠬᠥᠮᠦᠨ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠭᠠᠷᠭᠠᠪᠠᠯ᠂ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠤᠨ ᠰᠦᠢᠳᠬᠡᠯ ᠲᠤᠰᠢᠶᠠᠬᠤ ᠬᠡᠷᠡᠭᠲᠡᠢ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠵᠦᠢᠯ ᠪᠦᠷᠢ ᠳᠤ 200 ᠲᠥᠭᠦᠷᠢᠭ ᠪᠣᠯᠤᠨ᠎ᠠ᠃ ᠲᠤᠰᠬᠠᠶ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠢ ᠬᠢᠨᠠᠨ ᠪᠠᠶᠢᠴᠠᠭᠠᠭᠠᠳ ᠬᠤᠭᠤᠴᠠᠭ᠎ᠠ ᠬᠢᠵᠠᠭᠠᠷ ᠤᠨ ᠨᠥᠬᠦᠪᠥᠷᠢ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠤᠰᠬᠠᠶ ᠠᠰᠢᠭ ᠤᠨ ᠡᠷᠬᠡ ᠶᠢᠨ ᠨᠥᠬᠦᠪᠥᠷᠢ ᠥᠭᠬᠦ ᠬᠤᠭᠤᠴᠠᠭᠠᠨ ᠤ ᠵᠢᠯ ᠤᠨ ᠰᠦᠢᠳᠭᠡᠯ ᠲᠤᠰᠢᠶᠠᠬᠤ ᠬᠡᠷᠡᠭᠲᠡᠶ᠂ ᠰᠦᠢᠳᠭᠡᠯ ᠬᠤᠷᠢᠶᠠᠬᠤ ᠪᠠᠷᠢᠮᠵᠢᠶ᠎ᠠ ᠨᠢ ᠵᠦᠢᠯᠡᠰ ᠪᠦᠷᠢ ᠠᠴᠠ ᠵᠢᠯ ᠳᠤ 8000 ᠲᠥᠭᠦᠷᠢᠭ ᠬᠤᠷᠢᠶᠠᠨ᠎ᠠ᠂  ᠨᠢᠭᠡ ᠵᠢᠯ ᠬᠥᠷᠬᠦ ᠥᠬᠡᠶ ᠬᠡᠰᠡᠭ ᠠᠴᠠ ᠰᠦᠢᠳᠭᠡᠯ ᠬᠤᠷᠢᠶᠠᠬᠤ ᠥᠬᠡᠶ᠃ ᠬᠤᠶᠠᠷ᠂ ᠲᠤᠰᠬᠠᠶ ᠠᠰᠢᠭ ᠤᠨ ᠨᠡᠭᠡᠭᠡᠯᠲᠡ ᠬᠢᠬᠦ ᠶᠢ ᠵᠥᠪᠰᠢᠶᠡᠷᠡᠬᠦ ᠶᠢ ᠬᠡᠷᠡᠭᠵᠢᠭᠦᠯᠬᠦ ᠬᠤᠭᠤᠴᠠᠭᠠᠨ ᠳᠠᠬᠢ ᠲᠤᠰᠬᠠᠶ ᠠᠰᠢᠭ ᠤᠨ ᠣᠨ ᠤ ᠵᠠᠷᠤᠳᠠᠯ ᠢ 15% ᠪᠠᠷ ᠬᠠᠰᠤᠵᠤ ᠭᠡᠯᠳᠦᠷᠢᠭᠦᠯᠦᠨ᠎ᠡ᠃ ᠡᠭᠦᠨ ᠤ ᠬᠠᠮᠲᠤ ᠲᠤᠰᠬᠠᠶ ᠠᠰᠢᠭ ᠤᠨ ᠰᠦᠢᠳᠭᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠪᠤᠰᠤᠳ ᠲᠥᠷᠥ ᠶᠢᠨ ᠪᠣᠳᠣᠯᠭ᠎ᠠ ᠶᠢ ᠬᠡᠷᠡᠭᠯᠡᠬᠦ ᠳᠤ ᠳᠣᠭᠢᠷᠠᠪᠠᠯ᠂ ᠬᠠᠮᠤᠭ ᠤᠨ ᠬᠠᠷᠠᠭᠠᠯᠵᠠᠯ ᠲᠠᠢ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠵᠦ ᠪᠣᠯᠤᠨ᠎ᠠ᠂ ᠭᠡᠪᠡᠴᠦ ᠳᠠᠪᠬᠤᠷᠳᠠᠭᠤᠯᠤᠨ ᠭᠥᠷᠳᠡᠵᠦ ᠪᠣᠯᠬᠤ ᠥᠬᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ