ᠭᠤᠷᠪᠠᠨ ᠹᠦ᠋ ᠶᠢᠨ ᠬᠠᠯᠠᠭᠤᠨ ᠳᠤ᠂ ᠮᠠᠰᠢ ᠣᠯᠠᠨ ᠬᠥᠮᠦᠨ ᠬᠠᠯᠠᠭᠤᠨ ᠠᠴᠠ ᠵᠠᠶᠢᠯᠠᠵᠤ ᠭᠡᠷ ᠲᠡᠭᠡᠨ ᠰᠠᠭᠤᠵᠤ ᠪᠠᠶᠢᠳᠠᠭ᠃ ᠲᠤᠰᠬᠠᠶ ᠮᠡᠷᠭᠡᠵᠢᠯᠲᠡᠨ᠄ | ᠬᠡᠷ ᠲᠡᠭᠡᠨ ᠪᠠᠶᠢᠭᠰᠠᠨ ᠴᠤ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠶ᠃ ᠭᠡᠷ ᠳᠣᠲᠣᠷᠠᠬᠢ ᠬᠠᠯᠠᠭᠤᠨ ᠤ ᠬᠡᠮᠵᠢᠶ᠎ᠡ ᠨᠢ 32 ᠠᠴᠠ ᠳᠡᠭᠡᠭᠰᠢ᠂ ᠴᠢᠭᠢᠭ ᠤᠨ | ᠬᠡᠮᠵᠢᠶ᠎ᠡ ᠨᠢ 60 % ᠠᠴᠠ ᠳᠡᠭᠡᠭᠰᠢ ᠪᠤᠯᠵᠤ᠂ ᠠᠭᠠᠷ ᠨᠡᠪᠲᠡᠷᠡᠬᠦ ᠦᠭᠡᠶ ᠦᠶ᠎ᠡ ᠳᠤ ᠠᠮᠠᠷᠬᠠᠨ ᠨᠠᠷᠠᠰᠢᠬᠤ ᠪᠠᠶᠢᠳᠠᠯ ᠭᠠᠷᠳᠠᠭ᠃ ᠨᠠᠷᠠᠰᠢᠬᠰᠠᠨ ᠢᠯᠡᠷᠡᠯ | ᠰᠢᠨᠵᠢ ᠭᠠᠷᠪᠠᠯ ᠳᠠᠷᠤᠢ ᠲᠦᠷᠭᠡᠨ ᠨᠠᠷᠠᠰᠢᠬᠤ ᠶᠢ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠶᠡᠷᠦ ᠶᠢᠨ ᠬᠠᠯᠠᠭᠤᠨ ᠢ ᠪᠠᠭᠤᠷᠠᠭᠤᠯᠬᠤ ᠡᠮ | ᠤᠤᠭᠤᠬᠤ ᠨᠢ ᠶᠠᠮᠠᠷᠴᠤ ᠦᠢᠯᠡᠳᠦᠯ ᠲᠤᠰᠠ ᠭᠠᠷᠬᠤ ᠦᠭᠡᠢ᠃ ᠬᠠᠷᠢᠨ ᠥᠨᠳᠥᠷ ᠬᠠᠯᠠᠭᠤᠨ ᠣᠷᠴᠢᠨ ᠲᠣᠭᠤᠷᠢᠨ ᠠᠴᠠ ᠨᠢ ᠠᠯᠢ ᠪᠤᠯᠬᠤ ᠪᠠᠷ ᠲᠦᠷᠭᠡᠨ | ᠵᠠᠶᠢᠯᠠᠭᠤᠯᠵᠤ᠂ ᠤᠷᠢᠳ ᠢᠶᠠᠷ ᠡᠪᠡᠳᠴᠢᠲᠡᠨ ᠢ ᠰᠠᠯᠬᠢ ᠨᠡᠪᠲᠡᠷᠡᠬᠦ ᠭᠠᠵᠠᠷ ᠲᠤ ᠰᠢᠯᠵᠢᠭᠦᠯᠵᠦ᠂ ᠡᠪᠡᠳᠴᠢᠲᠡᠨ ᠳᠤ ᠲᠦᠷᠭᠡᠨ ᠤᠰᠤ ᠪᠠ ᠡᠷᠦᠳᠡᠰᠦ | ᠨᠥᠬᠦᠪᠥᠷᠢᠯᠡᠬᠦ ᠬᠡᠷᠡᠭᠲᠡᠶ᠃ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ᠂ ᠬᠦᠢᠲᠡᠨ ᠤᠰᠤ ᠪᠠᠷ ᠪᠡᠶ᠎ᠡ ᠶᠢ ᠨᠢ ᠵᠦᠯᠭᠦᠬᠦ ᠪᠤᠶᠤ ᠪᠦᠯᠢᠶᠡᠨ | ᠤᠰᠤ ᠪᠠᠷ ᠪᠡᠶ᠎ᠡ ᠶᠢ ᠨᠢ ᠤᠬᠢᠶᠠᠬᠤ ᠬᠡᠷᠡᠭᠳᠡᠢ᠂ ᠬᠦᠨᠳᠦ ᠨᠠᠷᠠᠰᠢᠬᠰᠠᠨ ᠪᠠᠶᠢᠪᠠᠯ ᠮᠥᠰᠥᠨ ᠤᠭᠤᠲᠠ ᠶᠢ ᠡᠪᠡᠳᠴᠢᠲᠡᠨ ᠤ ᠮᠠᠩᠨᠠᠢ᠂ ᠬᠦᠵᠦᠭᠦᠨ ᠤ ᠬᠡᠰᠡᠭ᠂ | ᠰᠤᠭᠤ ᠪᠠ ᠴᠠᠪᠢᠨ ᠳᠤᠨᠢ ᠲᠠᠯᠪᠢᠵᠤ᠂ ᠡᠪᠡᠳᠴᠢᠲᠡᠨ ᠤ ᠪᠡᠶ᠎ᠡ ᠶᠢᠨ ᠢᠯᠴᠢ ᠶᠢ ᠲᠠᠷᠬᠠᠭᠠᠬᠤ ᠪᠠᠭᠤᠷᠠᠭᠤᠯᠬᠤ ᠶᠢ ᠲᠦᠷᠭᠡᠳᠬᠡᠬᠦ ᠭᠡᠷᠡᠭᠳᠡᠢ ᠭᠡᠵᠦ | ᠰᠠᠨᠠᠭᠤᠯᠪᠠ᠃ ᠪᠢᠲᠡᠭᠦᠦ ᠣᠷᠣᠨ ᠵᠠᠶ ᠳᠤ ᠣᠷᠳᠣ ᠬᠤᠭᠤᠴᠠᠭ᠎ᠠ ᠪᠠᠷ ᠠᠭᠠᠷ ᠲᠣᠬᠢᠷᠠᠭᠤᠯᠤᠭᠴᠢ ᠶᠢ ᠬᠡᠷᠡᠭᠯᠡᠬᠦ᠂ ᠴᠢᠨᠠᠭᠰᠢᠯᠠᠪᠠᠯ ᠵᠠᠷᠢᠮ ᠦᠶ᠎ᠡ ᠳᠤ ᠠᠭᠠᠷ | ᠲᠣᠬᠢᠷᠠᠭᠤᠯᠤᠭᠴᠢ ᠶᠢᠨ ᠬᠠᠯᠠᠭᠤᠨ ᠤ ᠬᠡᠮᠵᠢᠶ᠎ᠡ ᠨᠡᠯᠢᠶᠡᠳ ᠳᠤᠤᠷ᠎ᠠ ᠪᠠᠶᠢᠬᠤ ᠳᠤ ᠬᠦᠷᠪᠡᠯ ᠪᠡᠶ᠎ᠡ ᠡᠪ ᠦᠭᠡᠶᠢᠷᠡᠬᠦ ᠪᠠᠶᠢᠳᠠᠯ ᠰᠢᠨᠵᠢ ᠨᠤᠭᠤᠳ ᠭᠠᠷᠴᠤ | ᠮᠡᠳᠡᠨ᠎ᠡ᠂ ᠡᠭᠦᠨ ᠳᠤ ᠠᠮᠢᠰᠬᠤᠯ ᠤᠨ ᠰᠢᠰᠲ᠋ᠧᠮ ᠤᠨ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ᠂ ᠬᠠᠷᠰᠢᠮᠠᠲᠠᠭᠠᠶ ᠴᠢᠨᠠᠷᠲᠠᠶ ᠡᠪᠡᠳᠴᠢᠨ ᠵᠡᠷᠭᠡ | ᠪᠤᠢ᠂ ᠡᠭᠦᠨ ᠢ ᠶᠡᠷᠦᠩᠬᠡᠶᠢᠯᠡᠭᠡᠳ ︽ᠠᠭᠠᠷ ᠲᠣᠬᠢᠷᠠᠭᠤᠯᠤᠭᠴᠢ ᠶᠢᠨ ᠡᠪᠡᠳᠴᠢᠨ︾ ᠭᠡᠳᠡᠭ᠃ | |