ᠣᠷᠠᠳ ᠤᠨ ᠡᠮᠦᠨᠡᠲᠤ ᠬᠤᠰᠢᠭᠤᠨ ᠤ ᠣᠷᠣᠨ ᠲᠤᠭ᠎ᠠ ᠶᠢᠨ ᠠᠯᠪᠠᠨ ᠬᠡᠷ ᠰᠢᠨ᠎ᠡ ᠪᠠᠷ ᠨᠡᠮᠡᠭᠳᠡᠭᠰᠡᠨ ᠬᠥᠮᠦᠰ ᠤᠨ ᠣᠷᠣᠨ ᠲᠤᠭ᠎ᠠ ᠶᠢ ᠵᠢᠭᠰᠠᠭᠠᠬᠤ ᠪᠡᠯᠡᠳᠬᠡᠯ ᠠᠵᠢᠯ ᠢ ᠰᠠᠶᠢᠲᠤᠷ  ᠬᠢᠵᠣ ᠪᠠᠶᠢᠨ᠎ᠠ
ᠨᠡᠶᠢᠲᠡᠯᠡᠭᠰᠡᠨ ᠴᠠᠭ᠄
2024/8/5
    ᠣᠶᠢᠷ᠎ᠠ ᠶᠢᠨ ᠬᠤᠭᠤᠴᠠᠭᠠᠨ ᠳᠤ᠂ ᠠᠯᠪᠠᠲᠠᠨ ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠣᠷᠢᠵᠤ ᠡᠯᠰᠡᠬᠦ ᠠᠵᠢᠯ ᠤᠨ ᠤᠷᠤᠭᠰᠢᠲᠠᠶ ᠶᠠᠪᠣᠭᠳᠠᠬᠤ ᠶᠢ ᠪᠠᠲᠤᠯᠠᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠣᠷᠣᠨ ᠲᠤᠭ᠎ᠠ ᠶᠢᠨ ᠠᠯᠪᠠᠨ ᠬᠡᠷ ᠨᠢᠭᠡᠳᠦᠯᠲᠡᠶ ᠲᠥᠯᠥᠪᠯᠡᠨ ᠣᠯᠠᠨ ᠵᠦᠢᠯ ᠤᠨ ᠠᠷᠭ᠎ᠠ ᠠᠪᠴᠤ᠂ ᠰᠢᠨ᠎ᠡ ᠪᠠᠷ ᠨᠡᠮᠡᠭᠳᠡᠭᠰᠡᠨ ᠠᠵᠢᠯᠲᠠᠨ ᠤ ᠣᠷᠣᠨ ᠲᠤᠭ᠎ᠠ ᠶᠢᠨ ᠬᠤᠯᠪᠣᠭᠳᠠᠯ ᠪᠥᠬᠦᠶ ᠪᠡᠯᠡᠳᠬᠡᠯ ᠠᠵᠢᠯ ᠢ ᠰᠠᠶᠢᠲᠤᠷ ᠬᠢᠵᠣ ᠪᠠᠶᠢᠨ᠎ᠠ᠃    ᠲᠣᠰ ᠠᠯᠪᠠᠨ ᠭᠡᠷ ᠤᠨ ᠬᠢᠨ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠵᠤ᠂ ᠨᠠᠷᠢᠨ ᠲᠣᠳᠣᠷᠬᠠᠶ ᠠᠵᠢᠯ ᠤᠨ ᠲᠥᠯᠥᠪᠯᠡᠭᠡ ᠪᠠ ᠶᠠᠪᠤᠴᠠ ᠶᠢ ᠤᠷᠢᠳᠴᠢᠯᠠᠨ ᠲᠣᠭᠲᠠᠭᠠᠨ᠂ ᠰᠢᠨ᠎ᠡ ᠪᠠᠷ ᠡᠯᠰᠡᠭᠰᠡᠨ ᠬᠥᠮᠦᠰ ᠲᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠬᠤᠯᠪᠣᠭᠳᠠᠯ ᠪᠥᠬᠦᠶ ᠤᠷᠢᠨ ᠬᠡᠷᠡᠭᠯᠡᠭᠰᠡᠨ ᠨᠢᠭᠡᠴᠡ ᠲᠠᠢ ᠳ᠋ᠢᠶᠠᠩᠬᠤᠸᠠ ᠂ ᠸᠢᠴᠠᠲ ᠤᠨ ᠬᠤᠯᠪᠤᠭ᠎ᠠ ᠵᠡᠷᠭᠡ ᠪᠠᠷ ᠳᠠᠮᠵᠢᠭᠤᠯᠤᠨ ᠤᠷᠢᠳᠴᠢᠯᠠᠨ ᠬᠠᠷᠢᠯᠴᠠᠵᠤ᠂ ᠠᠵᠢᠯᠲᠠᠨ ᠤ ᠮᠡᠳᠡᠭᠡ ᠵᠠᠩᠭᠢ ᠶᠢᠨ ᠬᠦᠰᠦᠨᠦᠭᠲᠦ ᠪᠠ ᠵᠢᠭᠰᠠᠭᠠᠬᠤ ᠠᠵᠢᠯᠲᠠᠨ ᠤ ᠪᠠᠶᠢᠳᠠᠯ ᠤᠨ ᠬᠦᠰᠦᠨᠦᠭᠲᠦ ᠵᠡᠷᠭᠡ ᠶᠢ ᠬᠥᠮᠥᠷᠭᠡ ᠳᠤ ᠣᠷᠣᠭᠤᠯᠬᠤ ᠪᠡᠯᠡᠳᠬᠡᠯ ᠮᠠᠲ᠋ᠧᠷᠢᠶᠠᠯ ᠢ ᠢᠳᠡᠪᠬᠢᠲᠡᠶ ᠵᠢᠯᠣᠭᠤᠳᠴᠤ᠂ ᠵᠢᠭᠰᠠᠭᠠᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ  ᠰᠢᠢᠳᠪᠦᠷᠢᠯᠡᠨ᠂ ᠴᠢᠨᠠᠷ ᠰᠠᠶᠢᠲᠠᠶ ᠦᠢᠯᠡᠴᠢᠯᠡᠭᠡ ᠪᠠᠷ ᠰᠢᠨ᠎ᠡ ᠪᠠᠷ ᠨᠡᠮᠡᠭᠳᠡᠭᠰᠡᠨ ᠬᠥᠮᠦᠰ ᠤᠨ ᠣᠷᠣᠨ ᠲᠣᠭᠠᠨ ᠤ ᠠᠵᠢᠯ ᠤᠨ ᠤᠷᠤᠭᠰᠢᠲᠠᠶ ᠶᠠᠪᠤᠭᠳᠠᠬᠤ ᠶᠢ  ᠪᠠᠲᠣᠯᠠᠵᠤ ᠪᠠᠶᠢᠨ᠎ᠠ᠃ ᠡᠬᠦᠨ ᠠᠴᠠ ᠭᠠᠳᠠᠨ᠎ᠠ᠂ ︽ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ︾ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ ᠣᠷᠢᠨ ᠬᠡᠷᠡᠭᠯᠡᠬᠦ ᠬᠥᠮᠦᠰ ᠤᠨ ᠬᠤᠪᠢ ᠬᠥᠮᠦᠨ ᠤ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠠᠵᠢᠯ ᠢ ᠵᠢᠯᠣᠭᠤᠳᠴᠤ᠂ ᠲᠡᠳᠡᠨ ᠤ ᠦᠨᠳᠦᠰᠦᠨ ᠮᠡᠳᠡᠭᠡ ᠵᠠᠩᠭᠢ ᠶᠢ ᠨᠠᠷᠢᠨ ᠨᠢᠮᠪᠠᠶ ᠬᠠᠷᠭᠤᠭᠤᠯᠵᠤ᠂   ᠪᠣᠢ ᠪᠦᠬᠦᠢ ᠦᠨᠡᠮᠯᠡᠯ ᠨᠢᠭᠡᠳᠦᠯᠲᠡᠶ ᠪᠠᠶᠢᠬᠤ ᠶᠢ  ᠪᠠᠲᠣᠯᠠᠵᠤ ᠪᠣᠢ᠃ ᠵᠣᠬᠢᠶᠠᠨ ᠪᠠᠶᠢᠭᠤᠯᠬᠤ ᠬᠡᠯᠲᠡᠰ ᠪᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠯᠰᠡᠨ ᠬᠡᠷᠡᠭᠯᠡᠬᠦ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠥᠮᠦᠨ ᠣᠷᠣᠭᠤᠯᠬᠤ ᠲᠤᠭ᠎ᠠ ᠨᠢ ᠵᠥᠪᠰᠢᠶᠡᠷᠡᠭᠰᠡᠨ ᠣᠨ ᠤ ᠬᠡᠷᠡᠭᠯᠡᠬᠦ ᠲᠥᠯᠥᠪᠯᠡᠭᠡ ᠲᠠᠢ ᠨᠢᠭᠡᠳᠦᠯᠲᠡᠶ ᠪᠠᠶᠢᠬᠤ ᠡᠰᠡᠬᠦ ᠶᠢ ᠬᠢᠨᠠᠨ ᠬᠠᠷᠭᠤᠭᠤᠯᠵᠤ᠂ ᠣᠷᠣᠨ ᠲᠤᠭ᠎ᠠ ᠠᠴᠠ ᠬᠡᠲᠦᠷᠡᠭᠦᠯᠦᠨ ᠣᠷᠣᠨ ᠲᠤᠭ᠎ᠠ ᠨᠠᠶᠢᠷᠠᠭᠤᠯᠤᠨ ᠵᠣᠬᠢᠶᠠᠭᠰᠠᠨ ᠨᠢᠭᠡᠴᠡ ᠶᠢᠨ ᠬᠥᠮᠦᠨ ᠣᠷᠣᠭᠤᠯᠬᠤ ᠶᠢ ᠴᠢᠩᠭ᠎ᠠ  ᠴᠠᠭᠠᠵᠠᠯᠠᠵᠤ ᠪᠠᠶᠢᠨ᠎ᠠ᠃                                          ᠴᠠᠶᠢᠨ᠎ᠠ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ