ᠦᠰᠦᠭ ᠪᠢᠴᠢᠭ ᠢᠶᠠᠷ ᠦᠬᠦᠯᠡᠬᠦᠢ᠄  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ︾ ᠦᠨᠳᠦᠰᠦᠲᠡᠨ ᠤ ᠪᠦᠯᠬᠦᠮᠳᠡᠯ ᠤᠨ ᠮᠡᠳᠡᠯᠭᠡ  ︵  ᠳᠣᠯᠤᠭ᠎ᠠ︶
ᠨᠡᠶᠢᠲᠡᠯᠡᠭᠰᠡᠨ ᠴᠠᠭ᠄
2024/8/5
   ᠦᠨᠳᠦᠰᠦᠲᠡᠨ ᠤ ᠲᠤᠬᠠᠶ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠨ᠎ᠠ᠃   1. ᠶᠠᠭᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠭᠡᠬᠦ ᠪᠣᠶ︖   ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠭᠡᠳᠡᠭ ᠨᠢ ᠠᠷᠠᠳ ᠢᠷᠭᠡᠳ ᠲᠤ ᠡᠬᠡ ᠣᠷᠣᠨᠴᠢ ᠦᠵᠡᠯ ᠤᠨ ᠬᠥᠮᠦᠵᠢᠯ ᠬᠢᠬᠦ ᠪᠠᠷ ᠭᠤᠤᠯ ᠠᠭᠤᠯᠭ᠎ᠠ ᠪᠣᠯᠭᠠᠭᠰᠠᠨ ᠦᠨᠳᠦᠰᠦᠲᠡᠨ ᠤ ᠣᠨᠣᠯ ᠢ ᠰᠤᠷᠤᠯᠴᠠᠬᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠡᠵᠡᠮᠰᠢᠬᠦ᠂ ᠦᠨᠳᠦᠰᠦᠲᠡᠨ ᠤ ᠪᠦᠯᠬᠦᠮᠳᠡᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠪᠣᠶ ᠪᠣᠯᠭᠠᠬᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠡᠭᠦᠷᠭᠡ ᠪᠠᠨ ᠭᠦᠢᠴᠡᠳᠬᠡᠬᠦ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠬᠤ ᠬᠥᠮᠦᠵᠢᠯ ᠢ ᠵᠢᠭᠠᠵᠤ ᠪᠤᠶ᠃  2 . ᠦᠨᠲᠦᠰᠦᠲᠡᠨ ᠤ ᠤᠷᠤᠨ ᠤ ᠦᠪᠡᠷᠲᠡᠬᠡᠨ ᠵᠠᠰᠠᠬᠤ ᠠᠵᠢᠯ ᠤᠨ ᠬᠦᠴᠦᠯᠡᠭᠦ ᠴᠡᠭ ᠪᠤᠯ︖  ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠨᠢ ᠤᠯᠤᠰ ᠣᠷᠣᠨ ᠤ ᠨᠢᠭᠡᠳᠦᠯ ᠢ ᠪᠠᠬᠢᠵᠢᠭᠦᠯᠬᠦ ᠳᠤ ᠠᠰᠢᠭᠲᠠᠢ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ ᠳᠤ ᠠᠰᠢᠭᠲᠠᠢ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠳᠤ ᠠᠰᠢᠭᠲᠠᠢ ᠪᠣᠯᠬᠤᠷ ᠬᠦᠴᠦᠯᠡᠴᠡ  ᠪᠣᠯᠭᠠᠪᠠ᠃   3. ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ︽ᠨᠢᠭᠡ ᠭᠠᠷᠠᠭ ᠲᠤ ᠬᠤᠶᠠᠷ ᠰᠠᠷ᠎ᠠ︾ ᠬᠡᠳᠡᠭ  ᠨᠢ ︖   ᠵᠢᠯ ᠪᠦᠷᠢ ᠶᠢᠨ 5 ᠰᠠᠷ᠎ᠠ ᠳᠤ ᠪᠥᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠠ 5 ᠰᠠᠷ᠎ᠠ ᠶᠢᠨ ᠡᠴᠦᠰ ᠤᠨ ᠨᠢᠭᠡ ᠭᠠᠷᠠᠭ ᠢ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠢᠶᠠᠷ ᠲᠣᠭᠲᠠᠵᠤ᠂ ᠵᠢᠯ ᠪᠦᠷᠢ ᠶᠢᠨ 9 ᠰᠠᠷ᠎ᠠ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ  ᠪᠣᠯᠭᠠᠪᠠ᠃   4.ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠣᠳᠬᠠᠬᠤ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠬᠡᠷᠬᠢᠨ ᠥᠷᠨᠢᠭᠦᠯᠬᠦ ᠪᠤᠢ︖    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠲᠣᠭᠲᠠᠴᠠ ᠶᠢ ᠪᠠᠲᠤ ᠴᠣᠭᠴᠠᠯᠠᠨ ᠪᠠᠶᠢᠭᠤᠯᠵᠤ᠂ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ ᠂ ᠨᠡᠶᠢᠭᠡᠮ ᠤᠨ ᠤᠬᠠᠭᠤᠯᠭ᠎ᠠ ᠬᠥᠮᠦᠵᠢᠯ ᠢ ᠰᠠᠶᠢᠲᠤᠷ ᠬᠢᠬᠦ ᠬᠡᠷᠡᠭᠲᠡᠢ᠃   5. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭ᠎ᠠ ᠳᠤ ︽ᠳᠥᠷᠪᠡᠨ ᠬᠥᠮᠦᠨ︾ ᠭᠡᠳᠡᠭ ᠨᠢ ︖    ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠶᠢ ᠪᠤᠢ ᠪᠣᠯᠭᠠᠵᠤ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠤᠨ ᠲᠦᠷᠦ ᠶᠢᠨ ᠪᠤᠳᠤᠯᠭ᠎ᠠ ᠶᠢ ᠣᠶᠢᠯᠠᠭᠠᠵᠤ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠤᠨ ᠦᠭᠡ ᠶᠢ ᠶᠠᠷᠢᠵᠤ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠤᠨ ᠶᠠᠪᠤᠳᠠᠯ ᠢ  ᠬᠢᠬᠦ ᠬᠡᠷᠡᠭᠲᠡᠶ᠃    6. ᠰᠢᠨ᠎ᠠ ᠴᠠᠭ ᠦᠶ᠎ᠠ ᠶᠢᠨ ᠨᠠᠮ ᠤᠨ ᠣᠢᠠᠲᠣᠰᠣᠲᠠᠨ ᠤ ᠠᠵᠢᠯ ᠤᠨ ᠪᠠᠶᠢᠷᠢᠰᠢᠯ ᠪᠤᠯ︖   ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠴᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠴᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠵᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠨ᠎ᠠ᠃   7. ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠰᠡᠳᠬᠢᠴᠡ ᠪᠠ ᠱᠠᠭᠠᠷᠳᠠᠯᠭ᠎ᠠ ᠪᠣᠯ ︖   ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠵᠠᠮᠨᠠᠨ᠎ᠠ︔ ᠬᠤᠶᠠᠷ ᠲᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠢ ᠪᠦᠬᠦ ᠤᠯᠤᠰ ᠲᠠᠢ ᠬᠠᠮᠲᠤ ᠪᠠᠷ ᠪᠦᠬᠦ ᠲᠠᠯ᠎ᠠ ᠪᠠᠷ ᠴᠢᠨᠡᠭᠡᠯᠢᠭᠵᠢᠬᠦ ᠪᠠ ᠣᠳᠣᠬᠢᠴᠢᠯᠠᠯᠲᠠ ᠶᠢ ᠦᠨᠡᠨ ᠬᠦ ᠪᠠᠲᠤᠯᠠᠨ᠎ᠠ︔ ᠭᠤᠷᠪᠠ ᠳᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ︔ ᠲᠦᠷᠪᠡ ᠳᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ︔ ᠲᠠᠪᠤ ᠳᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ᠂ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠪᠠᠲᠤᠯᠠᠨ᠎ᠠ᠃   8. ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ︽ᠲᠠᠪᠤ ᠶᠢ ᠵᠡᠷᠭᠡᠴᠡᠭᠦᠯᠬᠦ︾ ᠱᠠᠲᠤ ᠦᠶ᠎ᠡ ᠶᠢᠨ ᠴᠢᠨᠠᠷᠲᠠᠢ ᠣᠨᠴᠠᠯᠢᠭ ᠬᠡᠳᠡᠭ ᠨᠢ︖  ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠤᠢ ᠪᠣᠯᠭᠠᠭᠰᠠᠨ ᠠᠵᠠ ᠲᠣᠬᠢᠶᠠᠯ ᠪᠠ ᠥᠷᠢᠰᠥᠯᠳᠦᠭᠡᠨ ᠵᠡᠷᠭᠡᠪᠡᠷ  ᠣᠷᠣᠰᠢᠵᠤ ᠪᠠᠶᠢᠬᠤ  ︔  ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠪᠠ ᠬᠥᠭᠵᠢᠯᠲᠡ ᠳᠣᠣᠷ᠎ᠠ ᠲᠥᠪᠰᠢᠨ ᠵᠡᠷᠭᠡᠪᠡᠷ  ᠣᠷᠣᠰᠢᠵᠤ ᠪᠠᠶᠢᠬᠤ  ︔  ᠤᠯᠤᠰ ᠠᠴᠠ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠪᠠ ᠦᠨᠳᠦᠰᠦᠲᠡᠨ ᠤ ᠭᠠᠵᠠᠷ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠮᠥᠨ ᠯᠡ ᠪᠠᠭᠤᠷᠠᠢ ᠪᠠᠶᠢᠭᠰᠠᠭᠠᠷ︔  ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠠᠨᠳᠤᠰᠢ ᠴᠢᠩᠭᠠᠷᠠᠭᠰᠠᠨ ᠪᠠ ᠦᠨᠳᠦᠰᠦᠲᠡᠨ ᠤ ᠡᠯᠧᠮᠧᠨ᠋ᠲ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠵᠡᠷᠭᠡᠪᠡᠷ ᠣᠷᠣᠰᠢᠵᠤ ᠪᠠᠶᠢᠬᠤ ︔ ᠦᠨᠳᠦᠰᠦᠲᠡᠨ ᠤ ᠬᠠᠭᠠᠴᠠᠭᠤᠯᠬᠤ᠂ ᠱᠠᠰᠢᠨ ᠰᠤᠷᠲᠠᠬᠤᠨ ᠤ ᠬᠡᠲᠦᠷᠡᠮᠡᠬᠡᠢ᠂ ᠬᠦᠴᠦᠷᠬᠡᠭᠯᠡᠯ ᠰᠦᠷᠳᠡᠭᠦᠯᠦᠯ ᠤᠨ ᠲᠡᠮᠡᠴᠡᠯ ᠤᠨ ᠦᠷ᠎ᠡ ᠪᠦᠲᠦᠮᠵᠢ ᠢᠯᠡᠳᠲᠡ ᠪᠠ ᠬᠡᠰᠡᠭ ᠭᠠᠵᠠᠷ ᠤᠷᠤᠨ ᠤ ᠬᠦᠴᠦᠷᠬᠡᠭᠯᠡᠯ ᠰᠦ᠋ᠷᠳᠡᠭᠦᠯᠦᠯ ᠤᠨ ᠠᠵᠢᠯᠯᠠᠭ᠎ᠠ ᠬᠥᠭᠵᠢᠶᠡᠨ ᠲᠠᠢ ᠪᠥᠭᠡᠳ ᠣᠯᠠᠨ ᠡᠭᠦᠰᠬᠦ ᠶᠢ  ᠡᠰᠡᠷᠬᠦᠴᠡᠬᠦ᠃   9. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠲᠤ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠪᠡᠯ ᠵᠣᠬᠢᠬᠤ ᠪᠣᠢ ︖ ① ᠠᠳᠠᠯᠢ ᠪᠤᠰᠤ ᠲᠡᠦᠬᠡᠨ ᠴᠠᠭ ᠦᠶ᠎ᠡ ᠳᠠᠬᠢ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠭᠤᠷᠣᠨᠳᠣᠬᠢ ᠨᠢᠭᠲᠠ ᠬᠠᠷᠢᠴᠠᠭ᠎ᠠ ᠶᠢ ᠬᠠᠷᠠᠭᠤᠯᠵᠤ᠂ ᠨᠠᠮ ᠪᠠ ᠤᠯᠤᠰ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠲᠡᠨ ᠤ ᠮᠡᠳᠡᠯᠭᠡ ᠶᠢ ᠤᠬᠠᠭᠤᠯᠬᠤ ᠳᠤ ᠲᠤᠰᠠᠲᠠᠶ᠂ ᠦᠨᠳᠦᠰᠦᠲᠡᠨ ᠤ ᠪᠦᠯᠬᠦᠮᠳᠡᠯ ᠪᠠ ᠡᠬᠡ ᠤᠯᠤᠰ ᠤᠨ ᠨᠢᠭᠡᠳᠦᠯ ᠢ ᠬᠠᠮᠠᠭᠠᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠳᠤ ᠠᠰᠢᠭᠲᠠᠶ᠃② ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠣᠳᠠᠲᠤ ᠶᠠᠭᠤᠮ᠎ᠠ᠂ ᠮᠠᠲ᠋ᠧᠷᠢᠶᠠᠯ᠂ ᠲᠠᠯᠠᠪᠤᠷ ᠭᠠᠵᠠᠷ ᠪᠤᠶᠤ ᠢᠵᠢ ᠪᠦᠷᠢᠳᠦᠭᠰᠡᠨ ᠲᠥᠬᠦᠭᠡᠷᠦᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃③ ᠵᠣᠬᠢᠬᠤ ᠠᠵᠢᠯ ᠤᠨ ᠪᠠᠶᠢᠭᠤᠯᠤᠮᠵᠢ ᠪᠠ ᠲᠤᠰᠬᠠᠶ ︵ᠲᠤᠰᠢᠶᠠᠯ ᠬᠠᠪᠰᠤᠷᠭᠠᠭᠰᠠᠨ︶ ᠠᠵᠢᠯᠲᠠᠨ ᠲᠠᠢ ᠪᠠᠶᠢᠵᠤ᠂ ᠴᠢᠬᠤᠯᠠ ᠪᠦᠬᠦᠢ ᠵᠠᠷᠤᠳᠠᠯ ᠤᠨ ᠪᠠᠲᠤᠯᠠᠭ᠎ᠠ ᠲᠠᠢ ᠪᠠᠶᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠬᠡᠪ ᠢᠶᠠᠷ ᠶᠠᠪᠤᠭᠳᠠᠬᠤ ᠶᠢ  ᠪᠠᠲᠣᠯᠠᠬᠤ᠃④ ᠪᠦᠷᠢᠨ ᠲᠡᠭᠦᠯᠳᠡᠷ ᠲᠦᠷᠢᠮ ᠲᠣᠭᠲᠠᠭᠠᠯ ᠪᠠ ᠪᠦᠷᠢᠨ ᠪᠦᠲᠦᠨ ᠠᠵᠢᠯ ᠤᠨ ᠲᠡᠩᠰᠠ ᠡᠪᠬᠡᠮᠡᠯ ᠲᠠᠢ ᠪᠠᠶᠢᠵᠤ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠤᠢᠭᠡᠢ ᠪᠠᠶᠢᠬᠤ᠃      10 . ᠦᠨᠲᠦᠰᠦᠲᠡᠨ ᠤ ᠬᠦᠴᠦᠨ ᠵᠦᠢᠯ ᠳᠤ ᠬᠤᠯᠪᠤᠭᠲᠠᠭᠰᠠᠨ ᠵᠦᠷᠢᠴᠡᠯ ᠪᠠ ᠵᠢᠭᠤᠷᠠᠯᠲᠤᠭᠠᠨ ᠢ ᠵᠦᠪ  ᠰᠢᠢᠳᠪᠦᠷᠢᠯᠡᠬᠦ ᠳᠤ ᠶᠠᠭᠤ ᠶᠢ ᠪᠠᠷᠢᠮᠲᠠᠯᠠᠬᠤ ᠪᠤᠢ︖    ᠨᠠᠮ ᠪᠠ ᠣᠯᠣᠰ ᠤᠨ ᠦᠨᠳᠦᠰᠦᠳᠡᠨ ᠤ ᠲᠦᠷᠦ ᠶᠢᠨ ᠪᠣᠳᠣᠯᠭ᠎ᠠ ᠬᠠᠣᠯᠢ ᠲᠣᠭᠳᠠᠭᠠᠯ ᠢ ᠪᠦᠬᠦ ᠲᠠᠯ᠎ᠠ ᠪᠠᠷ ᠵᠦᠪ ᠢᠶᠠᠷ  ᠲᠣᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠳᠡᠨ ᠤ ᠬᠦᠴᠦᠨ ᠵᠦᠢᠯ ᠳᠤ ᠬᠤᠯᠪᠣᠭᠳᠠᠬᠤ ᠵᠦᠷᠢᠴᠡᠯ ᠵᠢᠭᠤᠷᠠᠯᠳᠣᠭᠠᠨ ᠢ ᠰᠢᠢᠳᠪᠦᠷᠢᠯᠡᠬᠦ ᠦᠶᠡᠰ᠂ ᠪᠣᠳᠠᠳᠠᠢ ᠠᠰᠠᠭᠤᠳᠠᠯ ᠢ ᠪᠣᠳᠠᠳᠠᠢ ᠵᠠᠳᠠᠯᠣᠨ ᠵᠠᠳᠠᠯᠵᠣ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠤᠨ ᠰᠢᠨᠵᠢ ᠴᠢᠨᠠᠷ ᠢᠶᠠᠷ ᠨᠢ ᠰᠢᠢᠳᠪᠦᠷᠢᠯᠡᠨ᠂ ᠬᠠᠣᠯᠢ ᠶᠣᠰᠣᠭᠠᠷ ᠠᠵᠢᠯᠯᠠᠵᠣ᠂ ᠡᠯ᠎ᠡ ᠦᠨᠳᠦᠰᠦᠳᠡᠨ ᠤ ᠠᠷᠠᠳ ᠲᠦᠮᠡᠨ ᠤ ᠬᠠᠣᠯᠢ ᠶᠣᠰᠣᠨ ᠤ ᠡᠷᠬᠡ ᠠᠰᠢᠭ ᠢ ᠪᠠᠳᠣᠯᠠᠨ᠂ ︽ᠭᠤᠷᠪᠠ ᠶᠢ ᠪᠣᠯᠬᠤ ᠦᠭᠡᠢ︾ ᠪᠠᠶᠢᠬᠤ ᠶᠢ ᠪᠠᠷᠢᠮᠳᠠᠯᠠᠨ᠎ᠠ ︵ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠤᠯᠪᠣᠭᠳᠠᠬᠤ ᠡᠩ ᠤᠨ ᠨᠡᠢᠭᠡᠮ ᠤᠨ ᠬᠡᠷᠡᠭ ᠶᠠᠪᠤᠳᠠᠯ ᠢ ᠦᠨᠳᠦᠰᠦᠲᠡᠨ ᠤ ᠠᠵᠢᠯ ᠪᠣᠯᠭᠠᠨ ᠳᠥᠭᠦᠮ ᠢᠶᠠᠷ ᠬᠤᠷᠢᠶᠠᠩᠭᠤᠢᠯᠠᠵᠤ ᠪᠣᠯᠬᠤ ᠦᠭᠡᠢ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠤᠯᠪᠣᠭᠳᠠᠬᠤ ᠢᠷᠭᠡᠨ ᠤ ᠬᠡᠷᠡᠭ ᠪᠠ ᠡᠷᠡᠭᠦᠦ ᠶᠢᠨ ᠬᠡᠷᠡᠭ ᠢ ᠳᠥᠭᠦᠮ ᠢᠶᠠᠷ ᠦᠨᠳᠦᠰᠦᠲᠡᠨ ᠤ ᠠᠰᠠᠭᠤᠳᠠᠯ ᠪᠣᠯᠭᠠᠵᠤ ᠪᠣᠯᠬᠤ ᠦᠭᠡᠢ᠂ ᠦᠨᠳᠦᠰᠦᠲᠡᠨ ᠤ ᠭᠠᠵᠠᠷ ᠣᠷᠣᠨ ᠳᠤ ᠡᠭᠦᠰᠬᠦ ᠡᠩ ᠤᠨ ᠵᠥᠷᠢᠴᠡᠯ ᠵᠢᠭᠤᠷᠠᠯᠳᠤᠭᠠᠨ ᠢ ᠳᠥᠭᠦᠮ ᠢᠶᠠᠷ ᠦᠨᠳᠦᠰᠦᠲᠡᠨ ᠤ ᠵᠥᠷᠢᠴᠡᠯ ᠪᠣᠯᠭᠠᠵᠤ ᠪᠣᠯᠬᠤ ᠦᠭᠡᠢ︶ ᠃                      ᠢᠷᠠᠯᠲᠠ᠄ ᠮᠣᠨᠠ ᠠᠭᠤᠯᠠ ᠪᠠᠯᠭᠠᠰᠣᠨ ᠤ ᠨᠠᠮ ᠤᠨ ᠪᠠᠶᠢᠭᠤᠯᠤᠯᠲᠠ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ