ᠦᠨᠳᠦᠰᠦᠲᠡᠨ ᠤ ᠪᠦᠯᠬᠦᠮᠳᠡᠯ ᠤᠨ ᠶᠡᠭᠡ ᠲᠤᠭ ᠢ ᠥᠨᠳᠥᠷ ᠮᠠᠨᠳᠤᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ | ᠬᠠᠮᠠᠭᠠᠯᠠᠨ᠎ᠠ᠃ | | 1. ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠡᠪᠰᠢᠯᠲᠡ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠡᠳᠦ ᠤᠳᠠᠭ᠎ᠠ ᠬᠤᠷᠠᠯᠳᠤᠵᠤ | ᠥᠩᠭᠡᠷᠡᠭᠰᠡᠨ ᠪᠤᠢ︖ | ᠲᠥᠷᠥ ᠶᠢᠨ ᠶᠠᠪᠤᠳᠠᠯ ᠤᠨ ᠬᠤᠷᠢᠶ᠎ᠠ ᠤᠷᠢᠳ ᠬᠤᠵᠢᠳ 1988 ᠣᠨ᠂ 1994 ᠣᠨ᠂ 1999 ᠣᠨ᠂ 2009 ᠣᠨ᠂ 2014 ᠣᠨ᠂ | 2019 ᠣᠨ ᠳᠤ 7 ᠤᠳᠠᠭ᠎ᠠ ᠡᠷᠬᠢᠯᠡᠪᠡ᠃ | 2. ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ︽ᠭᠤᠷᠪᠠ ᠶᠢ ᠤᠶᠠᠯᠳᠤᠭᠤᠯᠬᠤ︾ ᠭᠡᠳᠡᠭ ᠨᠢ︖ | ᠦᠨᠳᠦᠰᠦᠲᠡᠨ ᠤ ᠬᠦᠴᠦᠨ ᠵᠦᠢᠯ ᠬᠢᠭᠡᠳ ᠣᠷᠣᠨ ᠪᠦᠰᠡ ᠶᠢᠨ ᠬᠦᠴᠦᠨ ᠵᠦᠢᠯ ᠢ ᠬᠠᠷᠢᠯᠴᠠᠨ ᠤᠶᠠᠯᠳᠤᠭᠤᠯᠬᠤ᠂ ᠠᠵᠤ ᠠᠬᠤᠶ ᠶᠢ ᠬᠥᠭᠵᠢᠭᠦᠯᠬᠦ | ᠬᠢᠭᠡᠳ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠠᠷᠢᠯᠴᠠᠨ ᠤᠶᠠᠯᠳᠤᠭᠤᠯᠬᠤ᠂ ᠲᠥᠷᠥ ᠶᠢᠨ ᠪᠣᠳᠣᠯᠭ᠎ᠠ ᠶᠢᠨ ᠬᠥᠳᠡᠯᠭᠡᠬᠦ ᠬᠦᠴᠦᠨ ᠢ | ᠪᠠᠳᠠᠷᠠᠭᠤᠯᠬᠤ ᠬᠢᠭᠡᠳ ᠳᠣᠲᠣᠭᠠᠳᠤ ᠳᠠᠯᠳᠠ ᠬᠦᠴᠦᠨ ᠢ ᠬᠥᠭᠵᠢᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ | 3. ᠮᠠᠨ ᠤ ᠤᠯᠤᠰ ᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠬᠡᠳᠦᠢ ᠪᠠᠶᠢᠬᠤ ᠪᠤᠢ︖ | ᠮᠠᠨ ᠤ ᠤᠯᠤᠰ ᠨᠢᠭᠡᠨᠲᠡ 155 ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠢ ᠪᠠᠶᠢᠭᠤᠯᠵᠠᠶ᠂ ᠡᠭᠦᠨ ᠳᠤ 5 ᠥᠪᠡᠷᠲᠡᠭᠡᠨ ᠵᠠᠰᠠᠬᠤ | ᠣᠷᠣᠨ᠂ 30 ᠥᠪᠡᠷᠲᠡᠭᠡᠨ ᠵᠠᠰᠠᠬᠤ ᠵᠧᠦ᠂ 120 ᠥᠪᠡᠷᠲᠡᠭᠡᠨ ᠵᠠᠰᠠᠬᠤ ᠰᠢᠶᠠᠨ ᠪᠠᠭᠲᠠᠨ᠎ᠠ᠂ ᠡᠭᠦᠨ ᠠᠴᠠ ᠭᠠᠳᠠᠨ᠎ᠠ ᠪᠠᠰᠠ ᠮᠢᠩᠭ᠎ᠠ ᠰᠢᠬᠠᠮ | ᠦᠨᠳᠦᠰᠦᠲᠡᠨ ᠤ ᠰᠢᠶᠠᠩ ᠪᠠᠶᠢᠭᠤᠯᠵᠠᠶ᠃ | 4. ᠮᠠᠨ ᠤ ᠤᠯᠤᠰ ᠤᠨ ᠭᠤᠷᠪᠠᠨ ᠵᠦᠢᠯ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠨᠢ ᠶᠠᠭᠤ ᠪᠤᠢ︖ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ | ᠳᠦᠷᠢᠮ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ᠂ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠳᠦᠷᠢᠮ | ᠵᠡᠷᠭᠡ ᠪᠣᠯᠤᠨ᠎ᠠ᠃ | 5.ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠥᠪᠡᠷᠲᠡᠭᠡᠨ ᠵᠠᠰᠠᠬᠤ ᠪᠠᠶᠢᠭᠤᠯᠭ᠎ᠠ ᠶᠢᠨ ᠲᠡᠷᠢᠭᠦᠨ ᠴᠢᠬᠤᠯᠠ ᠲᠤᠰᠢᠶᠠᠯ | ᠬᠠᠷᠢᠭᠤᠴᠠᠯᠭ᠎ᠠ ᠨᠢ ᠶᠠᠭᠤ ᠪᠤᠢ︖ | ᠨᠠᠮ ᠤᠨ ᠲᠥᠪ ᠬᠤᠷᠢᠶᠠᠨ ᠤ ᠡᠷᠬᠡ ᠰᠦᠷ ᠢ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ | ᠦᠨᠡᠨ ᠬᠦ ᠪᠠᠲᠤᠯᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠬᠦᠯᠬᠦ ᠶᠢ ᠪᠠᠲᠣᠯᠠᠬᠤ᠃ | 6. ᠮᠠᠨ ᠤ ᠤᠯᠤᠰ ᠤᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠲᠦᠷᠢᠮ ᠨᠢ ᠶᠠᠭᠤ ᠪᠤᠢ︖ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ᠃ | 7. ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠪᠣᠯ︖ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠭᠡᠳᠡᠭ ᠨᠢ ᠤᠯᠤᠰ ᠤᠨ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ᠂ ᠴᠥᠭᠡᠨ | ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠣᠷᠣᠨ ᠨᠤᠭᠤᠳ ᠲᠤ ᠥᠪᠡᠷᠲᠡᠭᠡᠨ ᠵᠠᠰᠠᠬᠤ ᠪᠠᠶᠢᠭᠤᠯᠭ᠎ᠠ ᠪᠠᠶᠢᠭᠤᠯᠵᠤ᠂ ᠥᠪᠡᠷᠲᠡᠭᠡᠨ ᠵᠠᠰᠠᠬᠤ | ᠡᠷᠬᠡ ᠪᠠᠨ ᠬᠡᠷᠡᠭᠵᠢᠭᠦᠯᠬᠦ ᠳᠦᠷᠢᠮ ᠢ ᠵᠢᠭᠠᠵᠤ ᠪᠤᠶ᠂ ᠡᠨᠡ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠡ ᠵᠦᠢᠯ ᠤᠨ ᠴᠢᠬᠤᠯᠠ | ᠤᠯᠤᠰ ᠲᠥᠷᠥ ᠶᠢᠨ ᠪᠠᠶᠢᠭᠤᠯᠤᠯ ᠪᠣᠯᠬᠤ ᠪᠥᠭᠡᠳ ᠮᠥᠨᠴᠦ ᠤᠯᠤᠰ ᠤᠨ ᠳᠣᠲᠣᠭᠠᠳᠤ ᠶᠢᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠨᠢᠭᠡ | ᠵᠦᠢᠯ ᠤᠨ ᠦᠨᠳᠦᠰᠦᠨ ᠪᠣᠳᠣᠯᠭ᠎ᠠ ᠪᠣᠯᠤᠨ᠎ᠠ᠃ | 8. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠭᠡᠳᠡᠭ ᠨᠢ︖ | ᠨᠢᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠂ | ᠲᠤᠬᠠᠶᠢᠯᠠᠪᠠᠯ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠤᠨ᠎ᠠ᠃ ᠬᠤᠶᠠᠷ ᠲᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ᠃ | 9 . ︽ᠵᠢᠷᠭᠤᠭᠠᠨ ᠦᠬᠦᠯᠡᠪᠦᠷᠢ ᠶᠢᠨ ᠪᠣᠳᠠᠲᠤ ᠬᠡᠷᠡᠭ ᠪᠠ ᠶᠣᠰᠤ ︾ ᠶᠢᠨ ᠠᠭᠤᠯᠭ᠎ᠠ ᠨᠢ ᠶᠠᠭᠤ ᠪᠤᠢ︖ | ᠥᠪᠥᠷ ᠮᠣᠩᠭᠤᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ | ᠦᠨᠳᠦᠰᠦᠲᠡᠨ ᠤ ᠭᠠᠵᠠᠷ ᠣᠷᠣᠨ ᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠤᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ | ᠳᠣᠤᠷ᠎ᠠ ᠬᠥᠭᠵᠢᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠵᠥᠷᠢᠶ᠎ᠡ ᠨᠢ ᠴᠥᠮ ᠨᠠᠮ ᠤᠨ ᠲᠥᠪ | ᠬᠤᠷᠢᠶ᠎ᠠ ᠠᠴᠠ ᠬᠠᠪᠰᠤᠷᠤᠨ ᠵᠠᠯᠠᠷᠠᠭᠤᠯᠵᠤ ᠪᠠᠶᠢᠭ᠎ᠠ ᠶᠠᠪᠤᠳᠠᠯ ᠮᠥᠨ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠠᠮᠵᠢᠯᠲᠠ ᠪᠣᠯ | ᠳᠠᠷᠤᠶ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ᠂ ᠥᠪᠥᠷ ᠮᠣᠩᠭᠤᠯ ᠪᠣᠯ | ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠪᠣᠯᠤᠭᠰᠠᠨ ᠤ ᠬᠤᠪᠢ ᠪᠠᠷ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ | ᠶᠤᠮ᠃ | 10᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ < ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ > ᠶᠢ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠬᠦ ᠴᠠᠭ︖> | < ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ > 2021 ᠣᠨ ᠤ 9 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ > | < ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ >ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠠᠴᠠ ᠵᠠᠰᠠᠪᠤᠷᠢ ᠣᠷᠣᠭᠤᠯᠬᠤ ᠶᠢ ᠪᠠᠲᠤᠯᠠᠵᠤ᠂ > | < ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ >2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠪᠡ᠃> | < ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ > > | < ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ > ᠢᠷᠠᠯᠲᠠ᠄ ᠮᠣᠨᠠ ᠠᠭᠤᠯᠠ ᠪᠠᠯᠭᠠᠰᠣᠨ ᠤ ᠨᠠᠮ ᠤᠨ ᠪᠠᠶᠢᠭᠤᠯᠤᠯᠲᠠ |