ᠪᠠᠭ᠎ᠠ ᠰᠢᠭᠡᠲᠡᠢ ᠪᠠᠯᠭᠠᠰᠣ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/8/6
    ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠷᠬᠦᠯᠵᠢᠯᠡᠨ ᠰᠠᠶᠢᠲᠣᠷ ᠠᠬᠢᠭᠤᠯᠬᠤ ᠶᠢᠨ ᠲᠦᠯᠦᠭᠡ ᠂ ᠤᠶᠢᠷ᠎ᠠ ᠳᠤ ᠂ ᠣᠷᠠᠳ ᠤᠨ ᠡᠮᠦᠨᠡᠲᠤ ᠬᠤᠰᠢᠭᠤᠨ ᠤ ᠪᠠᠭ᠎ᠠ ᠰᠢᠭᠡᠲᠡᠢ ᠪᠠᠯᠭᠠᠰᠤᠨ ᠤ ᠡᠯ᠎ᠡ ᠳᠤᠰᠬᠤᠨ ᠠᠷᠠᠤᠨ ᠢᠶᠠᠨ ᠵᠤᠬᠢᠶᠠᠨ ᠪᠠᠶᠢᠭᠤᠯᠵᠤ ︽ᠦᠵᠡᠰᠬᠦᠯᠡᠩᠳᠤ ᠰᠠᠶᠢᠬᠠᠨ ᠳᠤᠰᠬᠤᠨ︾ ᠤᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠦᠷᠨᠢᠬᠦᠯᠪᠡ᠃    ᠬᠦᠮᠦᠰ ᠤᠨ ᠣᠷᠣᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠶᠠᠪᠤᠴᠠ ᠳᠤ᠂ ᠡᠯ᠎ᠡ ᠲᠣᠰᠬᠤᠨ ᠤ ᠠᠷᠠᠳ ᠲᠦᠮᠡᠨ ᠢᠳᠡᠪᠬᠢᠯᠡᠨ ᠣᠷᠣᠯᠴᠠᠵᠤ᠂ ᠪᠤᠵᠠᠷ ᠪᠤᠷᠲᠠᠭ᠂ ᠵᠣᠪᠠᠭᠤᠷᠢ ᠵᠦᠳᠡᠭᠦᠷᠢ ᠠᠴᠠ ᠠᠶᠤᠬᠤ ᠦᠭᠡᠢ  ᠪᠠᠷ ᠡᠯ᠎ᠡ ᠥᠨᠴᠥᠭ ᠪᠤᠯᠤᠩ᠂ ᠵᠠᠮ ᠤᠨ ᠬᠤᠶᠠᠷ ᠬᠠᠵᠠᠭᠤ ᠶᠢᠨ ᠡᠪᠡᠰᠦ᠂ ᠰᠢᠷᠣᠢ ᠶᠢᠨ ᠤᠪᠤᠭ᠎ᠠ᠂ ᠦᠬᠦᠭᠰᠡᠨ ᠮᠣᠳᠣ᠂ ᠠᠭᠤᠯᠠᠨ ᠦᠶᠡᠷ ᠤᠰᠤᠨ ᠵᠠᠮ ᠵᠢᠴᠢ ᠤᠯᠠᠨ ᠵᠢᠯ ᠣᠪᠣᠭᠠᠷᠠᠭᠰᠠᠨ ᠪᠣᠳᠠᠰ ᠢ ᠴᠡᠪᠡᠷᠯᠡᠵᠦ ᠠᠷᠢᠯᠭᠠᠪᠠ᠃  ᠳᠠᠷᠠᠭᠠᠴᠢ ᠶᠢᠨ ᠠᠯᠬᠤᠮ ᠳᠤ᠂ ᠪᠠᠭ᠎ᠠ ᠰᠢᠭᠡᠲᠡᠢ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ  ᠵᠠᠰᠠᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠵᠠᠰᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠪᠣᠯᠤᠨ᠎ᠠ᠃ ᠡᠭᠦᠨ ᠤ ᠬᠠᠮᠲᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠳᠤ ᠨᠠᠩ ᠴᠡᠪᠡᠷ ᠲᠣᠬᠢᠯᠢᠭ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ ᠥᠭᠬᠦ ᠪᠣᠯᠤᠨ᠎ᠠ᠃                                  ᠴᠠᠶᠢᠨ᠎ᠠ         
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ