ᠦᠰᠦᠭ ᠪᠢᠴᠢᠭ ᠢᠶᠠᠷ ᠦᠬᠦᠯᠡᠬᠦᠢ᠄  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ︾ ᠦᠨᠳᠦᠰᠦᠲᠡᠨ ᠤ ᠪᠦᠯᠬᠦᠮᠳᠡᠯ ᠤᠨ ᠮᠡᠳᠡᠯᠭᠡ  ︵  ᠶᠢᠰᠦ︶
ᠨᠡᠶᠢᠲᠡᠯᠡᠭᠰᠡᠨ ᠴᠠᠭ᠄
2024/8/6
   ᠦᠨᠳᠦᠰᠦᠲᠡᠨ ᠨᠦᠭᠦᠳ ᠤᠨ ᠠᠷᠠᠳ ᠲᠦᠮᠡᠨ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠬᠢᠯ ᠢᠶᠠᠨ ᠬᠤᠯᠪᠣᠨ᠎ᠠ᠃   1. ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢᠨ ᠭᠤᠣᠯ ᠠᠭᠤᠯᠭ᠎ᠠ ︖   ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠵᠣᠷᠢᠭ ᠰᠠᠨᠠᠭ᠎ᠠ᠃    2. ᠤᠯᠠᠭᠠᠨᠮᠦ᠋ᠴᠢᠷ ᠤᠨ ᠵᠤᠷᠢᠭ ᠰᠠᠨᠠᠭᠠᠨ ᠤ ᠭᠤᠤᠯ ᠠᠭᠤᠯᠤᠬᠲᠠᠬᠤᠨ ᠪᠤᠯ︖ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠢᠶᠠᠨ ᠬᠠᠶᠢᠷᠠᠯᠠᠨ᠎ᠠ︔ ᠦᠨᠳᠦᠰᠦᠨ ᠱᠠᠲᠤᠨ ᠳᠤ ᠦᠨᠳᠦᠰᠦᠯᠡᠵᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠨ᠎ᠡ︔ ᠪᠦᠯᠬᠦᠮᠳᠡᠨ ᠲᠡᠮᠡᠴᠡᠵᠦ᠂ ᠰᠢᠨ᠎ᠡ ᠶᠢ ᠡᠭᠦᠳᠬᠦ ᠶᠢ ᠵᠠᠯᠭᠠᠮᠵᠢᠯᠠᠨ᠎ᠠ᠃    3. ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠮᠥᠨ ᠴᠢᠨᠠᠷ ᠤᠨ ᠣᠨᠴᠠᠯᠢᠭ ᠪᠣᠯ ︖   ᠳᠤᠮᠳᠠᠳᠤ ᠶᠢᠨ ᠦᠨᠳᠦᠰᠦᠲᠡᠨ ᠪᠣᠯ ᠨᠢᠭᠡ ᠨᠢ ᠬᠥᠭᠵᠢᠪᠡᠯ ᠬᠠᠮᠲᠤ ᠪᠠᠷ ᠬᠥᠭᠵᠢᠬᠦ᠂ ᠨᠢᠭᠡ ᠨᠢ ᠬᠤᠬᠢᠷᠠᠪᠠᠯ ᠬᠠᠮᠲᠤ ᠪᠠᠷ ᠬᠤᠬᠢᠷᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠴᠢᠨᠦ ᠳᠣᠲᠣᠷ᠎ᠠ ᠪᠢ ᠪᠤᠢ᠂ ᠮᠢᠨᠦ ᠳᠣᠲᠣᠷ᠎ᠠ ᠴᠢ ᠪᠤᠢ᠂ ᠬᠡᠨ ᠨᠢ ᠬᠡᠨ ᠠᠴᠠ ᠪᠠᠨ ᠰᠠᠯᠵᠤ ᠴᠢᠳᠠᠬᠤ ᠦᠭᠡᠢ ᠶᠤᠮ᠃   4᠂ ᠦᠨᠲᠦᠰᠦᠲᠡᠨ ᠤ ᠭᠠᠵᠠᠷ ᠤᠷᠤᠨ ᠤ ᠵᠢᠷᠭᠤᠭᠠᠨ ᠤᠷᠤᠨ ᠤ ᠤᠨᠴᠠᠯᠢᠭ ᠨᠢ︖   ᠡᠬᠢ ᠪᠠᠶᠠᠯᠢᠭ ᠡᠯᠪᠡᠭ ᠪᠠᠶᠢᠭ᠎ᠠ ᠣᠷᠣᠨ᠂ ᠤᠰᠤᠨ ᠰᠢᠰᠲ᠋ᠧᠮ ᠤᠨ ᠡᠬᠢ ᠡᠭᠦᠰᠦᠯ ᠤᠨ ᠣᠷᠣᠨ᠂ ᠠᠮᠢ ᠠᠬᠤᠶ ᠶᠢᠨ ᠬᠠᠯᠬᠠᠪᠴᠢ ᠣᠷᠣᠨ᠂ ᠰᠣᠶᠣᠯ ᠤᠨ ᠣᠨᠴᠠᠯᠢᠭᠲᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠃   5. ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠯᠢ ︽ᠬᠤᠶᠠᠷ ᠢ ᠤᠶᠠᠯᠳᠤᠭᠤᠯᠬᠤ︾ ᠶᠢ ᠪᠡᠶᠡᠯᠡᠭᠦᠯᠬᠦ ᠪᠤᠢ︖ᠨᠢᠭᠡᠳᠦᠯ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠲᠡᠨ ᠤ ᠬᠦᠴᠦᠨ ᠵᠦᠢᠯ ᠪᠠ ᠣᠷᠣᠨ ᠪᠦᠰᠡ ᠶᠢᠨ ᠬᠦᠴᠦᠨ ᠵᠦᠢᠯ ᠢ ᠤᠶᠠᠯᠳᠤᠭᠤᠯᠬᠤ ᠶᠢ ᠪᠠᠷᠢᠮᠲᠠᠯᠠᠨ᠎ᠠ᠃   6 . ᠣᠢᠠᠲᠣᠰᠣᠲᠠᠨ ᠤ ᠠᠵᠢᠯ ᠢ ᠠᠭᠢᠭᠤᠯᠬᠤ ᠳᠤ ᠠᠯᠢ ᠬᠤᠶᠠᠷ ᠵᠦᠢᠯ ᠤᠨ ᠬᠦᠴᠦᠨ ᠳᠤ ᠲᠦᠰᠢᠭᠯᠡᠬᠦ ᠪᠤᠢ︖ᠦᠨᠳᠦᠰᠦᠲᠡᠨ ᠤ ᠠᠵᠢᠯ ᠢ ᠠᠬᠢᠭᠤᠯᠬᠤ ᠳᠤ ᠭᠤᠣᠯᠳᠠᠭᠤ ᠬᠤᠶᠠᠷ ᠵᠦᠢᠯ ᠤᠨ ᠬᠦᠴᠦᠨ ᠳᠤ ᠲᠦᠰᠢᠭᠯᠡᠨ᠎ᠡ᠂ ᠨᠢᠭᠡ ᠵᠦᠢᠯ ᠨᠢ ᠪᠣᠳᠠᠰ ᠤᠨ ᠬᠦᠴᠦᠨ᠂ ᠨᠢᠭᠡ ᠵᠦᠢᠯ ᠨᠢ ᠤᠶᠤᠨ ᠰᠠᠨᠠᠭᠠᠨ ᠤ ᠬᠦᠴᠦᠨ ᠪᠣᠯᠤᠨ᠎ᠠ᠃ ᠪᠣᠳᠠᠰ ᠤᠨ ᠬᠦᠴᠦᠨ ᠤ ᠲᠠᠯ᠎ᠠ ᠪᠠᠷ ᠭᠤᠤᠯᠳᠠᠭᠤ ᠬᠥᠭᠵᠢᠭᠦᠯᠬᠦ ᠡᠨᠡ ᠬᠦ ᠲᠦᠯᠬᠢᠭᠦᠷ ᠢ ᠰᠠᠶᠢᠲᠤᠷ ᠬᠡᠷᠡᠭᠯᠡᠵᠦ᠂ ᠣᠶᠤᠨ ᠰᠠᠨᠠᠭᠠᠨ ᠤ ᠬᠦᠴᠦᠨ ᠤ ᠲᠠᠯ᠎ᠠ ᠪᠠᠷ ᠭᠤᠤᠯᠳᠠᠭᠤ ᠦᠵᠡᠯ ᠰᠠᠨᠠᠭᠠᠨ ᠤ ᠬᠥᠮᠦᠵᠢᠯ ᠤᠨ ᠲᠦᠯᠬᠢᠭᠦᠷ ᠢ ᠰᠠᠶᠢᠲᠤᠷ  ᠬᠡᠷᠡᠭᠯᠡᠨ᠎ᠡ᠃      7.ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠬᠡᠷᠬᠢᠨ ᠪᠤᠢ ᠪᠣᠯᠭᠠᠵᠤ ᠲᠤᠪᠤᠶᠢᠯᠭᠠᠬᠤ ᠪᠤᠢ︖ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠬᠤ ᠪᠣᠯ ᠳᠠᠷᠤᠶ ᠳᠤᠮᠳᠠᠳᠤ ᠶᠢᠨ ᠰᠣᠶᠣᠯ ᠤᠨ ᠣᠨᠴᠠᠯᠢᠭ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠤᠯᠤᠰ ᠤᠨ ᠲᠦᠷᠢ ᠲᠥᠷᠬᠦ ᠶᠢ ᠪᠠᠷᠢᠯᠭ᠎ᠠ᠂ ᠤᠷᠠᠨ ᠵᠢᠷᠤᠭ᠂ ᠢᠯᠡᠳᠬᠡᠭᠴᠢ ᠲᠡᠮᠳᠡᠭ᠂ ᠺᠢᠨᠣ᠋ ᠲᠧᠯᠸᠢᠰ᠂ ᠤᠷᠠᠯᠢᠭ ᠤᠨ ᠲᠣᠭᠯᠠᠯᠲᠠ ᠵᠡᠷᠭᠡ ᠵᠠᠭᠤᠴᠢ ᠪᠠᠷ ᠳᠠᠮᠵᠢᠭᠤᠯᠤᠨ ᠪᠣᠳᠠᠲᠠᠶ ᠪᠠᠷ ᠢᠯᠡᠳᠬᠡᠵᠦ᠂ ᠪᠦᠷᠢᠨ ᠪᠦᠲᠦᠨ᠂ ᠰᠢᠰᠲ᠋ᠧᠮ ᠲᠠᠢ ᠬᠠᠷᠠᠭᠠᠨ ᠰᠡᠷᠡᠯ ᠤᠨ ᠢᠯᠡᠳᠬᠡᠬᠦ ᠰᠢᠰᠲ᠋ᠧᠮ ᠢ ᠪᠠᠶᠢᠭᠤᠯᠵᠤ ᠂ ᠲᠡᠭᠦᠨ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠴᠣᠭᠴᠠᠯᠠᠨ ᠪᠠᠶᠢᠭᠤᠯᠬᠤ ᠶᠠᠪᠤᠳᠠᠯ ᠪᠣᠯᠤᠨ᠎ᠠ᠃      8 . ᠮᠠᠨ ᠤ ᠤᠯᠤᠰ ᠤᠨ ᠦᠨᠲᠦᠰᠦᠲᠡᠨ ᠤ ᠲᠠᠷᠬᠠᠯᠲᠠ ᠶᠢᠨ ᠰᠢᠨ᠎ᠡ ᠤᠨᠴᠠᠯᠢᠭ ᠪᠤᠯ︖ᠮᠠᠨ ᠤ ᠤᠯᠤᠰ ᠶᠡᠭᠡ ᠪᠠᠷ ᠬᠤᠯᠢᠯᠳᠤᠨ ᠰᠠᠭᠤᠷᠢᠰᠢᠬᠤ᠂ ᠪᠠᠭ᠎ᠠ ᠪᠠᠷ ᠲᠦᠪᠯᠡᠷᠡᠨ ᠰᠠᠭᠤᠷᠢᠰᠢᠬᠤ᠂ ᠰᠤᠯᠪᠢᠴᠠᠨ ᠰᠠᠭᠤᠷᠢᠰᠢᠭᠰᠠᠨ ᠦᠨᠳᠦᠰᠦᠲᠡᠨ ᠤ ᠲᠠᠷᠬᠠᠯᠲᠠ ᠶᠢᠨ ᠪᠠᠶᠢᠷᠢᠰᠢᠯ ᠲᠠᠰᠤᠷᠠᠯᠲᠠ ᠦᠭᠡᠢ ᠭᠦᠨᠵᠡᠭᠡᠶᠢᠷᠡᠵᠦ᠂ ᠶᠡᠭᠡ ᠪᠠᠷ ᠰᠢᠯᠵᠢᠵᠦ᠂ ᠶᠡᠭᠡ ᠪᠠᠷ ᠠᠭᠤᠰᠤᠯᠴᠠᠨ ᠰᠠᠭᠤᠷᠢᠰᠢᠭᠰᠠᠨ ᠰᠢᠨ᠎ᠡ ᠣᠨᠴᠠᠯᠢᠭ ᠢᠯᠡᠷᠡᠭᠰᠡᠨ ᠪᠠᠶᠢᠨ᠎ᠠ᠃   9᠂ ᠦᠨᠳᠦᠰᠦᠲᠡᠨ ᠡᠷᠬᠡ ᠲᠡᠭᠰᠢ ᠪᠠᠶᠢᠬᠤ ᠶᠢᠨ ᠤᠳᠬ᠎ᠠ ᠨᠢ︖ᠦᠨᠳᠦᠰᠦᠲᠡᠨ ᠨᠦᠭᠦᠳ ᠴᠥᠮ ᠡᠷᠬᠡ ᠲᠡᠭᠰᠢ︔ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠴᠥᠮ ᠡᠷᠬᠡ ᠲᠡᠭᠰᠢ ︔ ᠦᠨᠳᠦᠰᠦᠲᠡᠨ ᠨᠦᠭᠦᠳ ᠤᠨ ᠪᠣᠳᠠᠲᠤ ᠬᠡᠷᠡᠭ ᠳᠡᠭᠡᠷᠡᠬᠢ ᠡᠷᠬᠡ ᠲᠡᠭᠰᠢ ᠪᠠᠶᠢᠬᠤ ᠶᠢ ᠴᠢᠷᠮᠠᠶᠢᠨ ᠪᠡᠶᠡᠯᠡᠬᠦᠯᠦᠨ᠎ᠡ᠃  10᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ ᠲᠥᠪ ᠠᠴᠠ ᠦᠨᠳᠦᠰᠦᠲᠡᠨ ᠤ ᠠᠵᠢᠯ ᠤᠨ ᠬᠡᠳᠦ ᠤᠳᠠᠭ᠎ᠠ ᠬᠤᠷᠠᠯᠳᠤᠵᠤ ᠲᠤᠰ ᠲᠤᠰ ᠠᠯᠢ ᠵᠢᠯ ᠪᠣᠯᠤᠭᠰᠠᠨ ᠪᠤᠢ︖ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ ᠲᠥᠪ ᠠᠴᠠ 1992 ᠣᠨ᠂ 1999 ᠣᠨ᠂ 2005 ᠣᠨ᠂ 2014 ᠣᠨ᠂ 2021 ᠣᠨ ᠳᠤ 5 ᠤᠳᠠᠭ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠬᠤᠷᠠᠯᠳᠤᠪᠠ᠃                     ᠢᠷᠠᠯᠲᠠ᠄ ᠮᠣᠨᠠ ᠠᠭᠤᠯᠠ ᠪᠠᠯᠭᠠᠰᠣᠨ ᠤ ᠨᠠᠮ ᠤᠨ ᠪᠠᠶᠢᠭᠤᠯᠤᠯᠲᠠ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ