ᠦᠰᠦᠭ ᠪᠢᠴᠢᠭ ᠢᠶᠠᠷ ᠦᠬᠦᠯᠡᠬᠦᠢ᠄  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ︾ ᠦᠨᠳᠦᠰᠦᠲᠡᠨ ᠤ ᠪᠦᠯᠬᠦᠮᠳᠡᠯ ᠤᠨ ᠮᠡᠳᠡᠯᠭᠡ  ︵  ᠠᠷᠪᠠ︶
ᠨᠡᠶᠢᠲᠡᠯᠡᠭᠰᠡᠨ ᠴᠠᠭ᠄
2024/8/6
   ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ  ᠤᠭᠲᠤᠰᠤᠭᠠᠶ︾   ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠭᠠᠶᠢᠬᠠᠮᠰᠢᠭᠲᠤ ᠥᠪᠥᠷ ᠮᠣᠩᠭᠤᠯ ︾  1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠬᠠᠤᠯᠢ ᠲᠣᠭᠲᠠᠭᠠᠯ ᠪᠣᠯ᠄   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠃   2. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠥᠷᠨᠢᠭᠦᠯᠬᠦ ᠱᠠᠭᠠᠷᠳᠠᠯᠭ᠎ᠠ ᠪᠣᠯ᠄   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠢᠭᠡ ᠤᠳᠠᠭᠠᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠲᠠᠪᠤᠨ ᠵᠢᠯ ᠳᠤ ᠨᠢᠭᠡ ᠤᠳᠠᠭ᠎ᠠ ᠬᠤᠷᠠᠯᠳᠤᠭᠤᠯᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤᠮᠳᠠ ᠢᠯᠡᠳᠲᠡ ᠠᠮᠵᠢᠯᠲᠠ ᠭᠠᠷᠭᠠᠭᠰᠠᠨ ᠪᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠪᠣᠯᠤᠨ ᠵᠢᠱᠢᠶᠡᠴᠢ ᠬᠤᠪᠢ ᠬᠥᠮᠦᠨ ᠢ ᠬᠥᠬᠢᠭᠦᠯᠦᠨ  ᠱᠠᠩᠨᠠᠨ᠎ᠠ᠃   3. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠳᠤ ᠬᠡᠳᠦᠨ ᠵᠢᠯ ᠳᠤ ᠨᠢᠭᠡ ᠤᠳᠠᠭ᠎ᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠪᠣᠶ︖    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠤᠨ ᠬᠤᠷᠢᠨ ᠲᠠᠪᠤᠳᠤᠭᠠᠷ ᠵᠦᠢᠯ ᠳᠤ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠥᠷᠪᠡᠨ ᠵᠢᠯ ᠪᠦᠷᠢ ᠳᠤ ᠨᠢᠭᠡ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠪᠣᠯᠤᠨ ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠬᠦ ᠬᠡᠷᠡᠭᠲᠡᠶ︾ ᠭᠡᠵᠦ ᠲᠣᠭᠲᠠᠭᠠᠪᠠ᠃   4. ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠲᠣᠭᠲᠠᠭᠠᠯ︾ ᠳᠤ ᠠᠯᠢ ᠬᠡᠳᠦᠨ ᠲᠠᠯ᠎ᠠ ᠪᠠᠷ ᠵᠢᠱᠢᠶᠡᠴᠢ ᠪᠣᠯᠬᠤ ᠪᠣᠶ︖ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠵᠢᠱᠢᠶᠡᠴᠢ ᠪᠣᠯᠬᠤ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶᠡᠴᠢ ᠪᠣᠯᠭᠠᠨ᠎ᠠ︔ ᠦᠨᠳᠦᠰᠦᠲᠡᠨ ᠤ ᠭᠠᠵᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠭᠠᠨ᠎ᠠ︔ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠳᠤ ᠵᠢᠱᠢᠶᠡᠴᠢ ᠪᠣᠯᠬᠤ︔ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠣᠯᠭᠠᠨ᠎ᠠ︔ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠣᠯᠳᠤᠯ ᠢ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠣᠯᠭᠠᠨ᠎ᠠ︔ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠭᠠᠨ᠎ᠠ᠃   5᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠨᠢᠭᠡ ᠬᠤᠲᠠ᠂ ᠨᠢᠭᠡ ᠹᠷᠣᠨᠲ᠂ ᠨᠢᠭᠡ ᠬᠦᠷᠢᠶᠡᠯᠡᠩ᠂ ᠨᠢᠭᠡ ᠳᠦᠷᠢ ᠲᠥᠷᠬᠦ︾ ᠭᠡᠳᠡᠭ ᠨᠢ ᠪᠤᠢ︖︽ᠨᠢᠭᠡ ᠬᠤᠲᠠ︾ ᠪᠣᠯ ᠳᠠᠷᠤᠶ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠠᠪᠤᠳᠠᠯ ᠪᠣᠯᠤᠨ᠎ᠠ᠂ ︽ᠨᠢᠭᠡᠳᠦᠭᠡᠷ ᠹᠷᠣᠨᠲ︾ ᠪᠣᠯ ᠳᠠᠷᠤᠶ ᠨᠠᠢᠮᠠᠨ ᠵᠠᠭᠤᠨ ᠭᠠᠵᠠᠷ ᠤᠨ ᠦᠵᠡᠰᠬᠦᠯᠡᠩᠲᠦ ᠰᠠᠶᠢᠬᠠᠨ ᠬᠢᠯᠢ ᠶᠢᠨ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠬᠤ ᠶᠠᠪᠤᠳᠠᠯ ᠪᠣᠯᠤᠨ᠎ᠠ᠂ ︽ᠨᠢᠭᠡ︾ ᠪᠣᠯ ᠳᠠᠷᠤᠶ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠮᠥᠨ᠂ ︽ᠨᠢᠭᠡ ᠬᠦᠷᠢᠶᠡᠯᠡᠩ︾ ᠪᠣᠯ ᠳᠠᠷᠤᠶ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠵᠣᠯ ᠵᠢᠷᠭᠠᠯᠲᠤ ᠬᠡᠷ ᠣᠷᠣᠨ ᠢ ᠪᠥᠲᠥᠭᠡᠨ ᠪᠠᠶᠢᠭᠤᠯᠬᠤ ᠶᠠᠪᠤᠳᠠᠯ ᠮᠥᠨ᠂ ︽ᠨᠢᠭᠡ ᠳᠦᠷᠢ ᠲᠥᠷᠬᠦ ︾ ᠪᠣᠯ ᠳᠠᠷᠤᠶ ᠢᠲᠡᠭᠡᠵᠦ ᠪᠣᠯᠬᠤ ᠡᠯᠢᠭᠡᠰᠡᠭ ᠬᠠᠶᠢᠷᠠᠲᠠᠶ ᠪᠠᠶᠠᠨᠨᠠᠭᠤᠷ ᠤᠨ ᠰᠢᠨ᠎ᠡ ᠳᠦᠷᠢ ᠲᠥᠷᠬᠦ ᠶᠢ ᠪᠣᠶ ᠪᠣᠯᠭᠠᠬᠤ ᠶᠠᠪᠤᠳᠠᠯ ᠪᠣᠯᠤᠨ᠎ᠠ᠃   6᠂ ᠪᠠᠶᠠᠨᠨᠠᠭᠤᠷ ᠬᠤᠲᠠ ᠶᠢᠨ ︽ᠠᠨᠠᠷ ᠤᠨ ᠦᠷ᠎ᠡ ᠮᠡᠳᠣ ᠪᠦᠯᠬᠦᠮᠳᠡᠵᠦ᠂ ᠰᠡᠳᠬᠢᠯ ᠨᠢᠭᠡᠳᠦᠨ ᠵᠡᠭᠦᠳᠦ ᠪᠠᠨ ᠲᠡᠷᠭᠡᠯᠰᠢᠭᠦᠯᠬᠦ︾ ᠭᠤᠤᠯ ᠰᠡᠳᠦᠪᠲᠦ ︽ᠠᠷᠪᠠᠨ ᠨᠢᠭᠡ︾ ᠶᠢᠨ ᠢᠨᠵᠧᠨᠧᠷᠢᠩ ᠤᠨ ᠠᠵᠢᠯᠯᠠᠭ᠎ᠠ ᠶᠢᠨ ᠲᠥᠰᠦᠯ ᠤᠨ ᠠᠭᠤᠯᠭ᠎ᠠ ᠨᠢ ᠶᠠᠭᠤ ᠶᠠᠭᠤ ᠪᠣᠶ︖    ︽ᠠᠨᠠᠷ ᠤᠨ ᠦᠷ᠎ᠡ ᠮᠡᠳᠣ ᠪᠦᠯᠬᠦᠮᠳᠡᠵᠦ · ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠪᠠᠷ ᠭᠤᠤᠯ ᠰᠡᠳᠦᠪ ᠪᠣᠯᠭᠠᠵᠤ᠂ ︽ᠠᠷᠪᠠᠨ ᠨᠢᠭᠡ︾ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ ︵ᠨᠢᠭᠡ ᠳᠠᠭᠤᠤ ᠶᠢ ᠬᠠᠩᠭᠢᠨᠠᠭᠤᠯᠵᠤ᠂ ᠨᠢᠭᠡ ᠵᠦᠴᠦᠭᠡ ᠨᠠᠶᠢᠷᠠᠭᠤᠯᠤᠨ ᠲᠣᠭᠯᠠᠵᠤ᠂ ᠨᠢᠭᠡ ᠪᠦᠯᠦᠭ ᠲᠣᠭᠠᠴᠢᠯᠠᠭᠰᠠᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠣᠬᠢᠶᠠᠨ ᠪᠦᠲᠦᠭᠡᠵᠦ᠂ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠵᠤ᠂ ᠠᠯᠢ ᠣᠯᠠᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠨᠢᠭᠡ ᠭᠤᠤᠯ ᠰᠡᠳᠦᠪᠲᠦ ᠴᠡᠴᠡᠷᠯᠢᠭ ᠪᠠᠶᠢᠭᠤᠯᠵᠤ᠂ ᠨᠢᠭᠡ ᠭᠤᠤᠯ ᠰᠡᠳᠦᠪᠲᠦ ᠲᠠᠯᠠᠪᠤᠷ ᠣᠷᠳᠣᠨ ᠢ ᠳᠡᠯᠭᠡᠨ ᠦᠵᠡᠭᠦᠯᠵᠦ᠂ ᠨᠢᠭᠡ ᠤᠯᠠᠮᠵᠢᠯᠠᠨ ᠰᠤᠷᠬᠤ ᠲᠠᠯᠠᠪᠤᠷ ᠪᠠᠶᠢᠭᠤᠯᠵᠤ᠂ ᠨᠢᠭᠡ ᠰᠣᠳᠣᠨ ᠵᠠᠮ ᠱᠤᠭᠤᠮ ᠢ ᠡᠭᠦᠳᠦᠨ ᠪᠠᠶᠢᠭᠤᠯᠵᠤ᠂ ᠨᠢᠭᠡ ᠰᠡᠳᠬᠢᠯ ᠢᠶᠠᠨ ᠨᠢᠭᠡᠳᠬᠡᠨ ᠦᠶ᠋ᠯᠡᠰ ᠴᠣᠭᠴᠠᠯᠠᠬᠤ ᠵᠡᠭᠡᠯᠢ ᠲᠣᠭᠤᠷᠢᠭ ᠢ ᠬᠠᠮᠲᠤ ᠪᠠᠷ ᠪᠠᠶᠢᠭᠤᠯᠤᠨ᠎ᠠ︶ ᠂ ᠡᠮᠦᠨᠡᠬᠢ 5 ᠨᠢ ᠰᠡᠷᠡᠭᠳᠡᠯ ᠲᠠᠢ ᠴᠢᠬᠤᠯᠠ ᠠᠷᠭ᠎ᠠ ᠬᠡᠮᠵᠢᠶ᠎ᠡ᠂ ᠬᠤᠶᠢᠨᠠᠬᠢ 5 ᠨᠢ ᠢᠯᠡ ᠴᠢᠬᠤᠯᠠ ᠠᠷᠭ᠎ᠠ ᠬᠡᠮᠵᠢᠶ᠎ᠡ ᠪᠠᠶᠢᠵᠤ᠂ ᠡᠴᠦᠰ ᠲᠡᠭᠡᠨ ᠪᠦᠲᠦᠮᠵᠢᠲᠡᠶ ᠵᠣᠷᠢᠯᠭ᠎ᠠ ᠳᠠᠭᠠᠨ  ᠬᠦᠷᠦᠨ᠎ᠡ᠃   7. ᠪᠠᠶᠠᠨᠨᠠᠭᠤᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠠᠷᠪᠠ ᠶᠢ ᠪᠦᠷᠢᠳᠦᠭᠦᠯᠬᠦ︾ ᠥᠨᠳᠥᠷ ᠪᠠᠷᠢᠮᠵᠢᠶᠠᠲᠤ ᠵᠢᠱᠢᠶ᠎ᠡ ᠦᠵᠡᠭᠦᠯᠬᠦ ᠴᠡᠭ ᠭᠡᠳᠡᠭ ᠨᠢ ᠶᠠᠭᠤ ᠪᠤᠢ︖   ᠪᠦᠷᠢᠨ ᠲᠡᠭᠦᠯᠳᠡᠷ ᠠᠵᠢᠯ ᠤᠨ ᠲᠣᠭᠲᠠᠴᠠ ᠲᠠᠢ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠲᠠᠢ᠂ ᠥᠪᠡᠷᠮᠢᠴᠡ ᠣᠨᠴᠠᠯᠢᠭ ᠲᠠᠢ ᠡᠭᠦᠳᠦᠨ ᠪᠠᠶᠢᠭᠤᠯᠬᠤ ᠲᠦᠷᠦᠯ ᠲᠡᠮᠳᠡᠭ ᠲᠠᠢ᠂ ᠰᠢᠭᠤᠳ ᠰᠢᠯᠤᠭᠤᠨ ᠦᠵᠡᠭᠦᠯᠦᠯᠭᠡ ᠶᠢᠨ ᠶᠠᠪᠤᠴᠠ ᠲᠠᠢ᠂ ᠨᠠᠷᠢᠯᠢᠭ ᠲᠠᠶᠢᠯᠤᠮᠵᠢ ᠶᠢᠨ ᠦᠭᠡ ᠲᠠᠢ᠂ ᠰᠢᠯᠢᠳᠡᠭ ᠲᠠᠶᠢᠯᠪᠤᠷᠢᠯᠠᠭᠴᠢ ᠲᠠᠢ᠂ ᠰᠢᠯᠢᠳᠡᠭ ᠤᠬᠠᠭᠤᠯᠭ᠎ᠠ ᠶᠢᠨ ᠸᠢᠳᠢᠣ᠋ ᠲᠠᠢ᠂ ᠴᠢᠨᠠᠷ ᠰᠠᠶᠢᠲᠠᠢ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠲᠠᠢ᠂ ᠪᠦᠷᠢᠨ ᠲᠡᠭᠦᠯᠳᠡᠷ ᠲᠠᠩᠰᠠ ᠡᠪᠬᠡᠮᠡᠯ ᠤᠨ ᠮᠠᠲ᠋ᠧᠷᠢᠶᠠᠯ ᠲᠠᠢ᠂ ᠨᠠᠷᠢᠯᠢᠭ ᠰᠠᠶᠢᠬᠠᠨ ᠤᠬᠠᠭᠤᠯᠭ᠎ᠠ ᠶᠢᠨ ᠡᠳ᠋ ᠪᠣᠳᠠᠰ ᠲᠠᠢ᠃   8. 2023 ᠣᠨ ᠤ 11 ᠰᠠᠷ᠎ᠠ ᠪᠣᠯᠲᠠᠯ᠎ᠠ᠂ ᠪᠠᠶᠠᠨᠨᠠᠭᠤᠷ ᠬᠤᠲᠠ ᠳᠤ ᠬᠡᠳᠦᠶ ᠬᠤᠲᠠ ᠶᠢᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ᠂ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠲᠤ ᠴᠣᠭᠴᠠᠯᠠᠬᠤ ᠪᠣᠶ︖    ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ 12᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ 13᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠶ᠋ᠯᠡᠳᠦᠯᠭᠡ ᠶᠢᠨ ᠰᠠᠭᠤᠷᠢᠨ 5 ᠪᠣᠶ᠃   9. 2023 ᠣᠨ ᠤ 11 ᠰᠠᠷ᠎ᠠ ᠪᠣᠯᠲᠠᠯ᠎ᠠ᠂ ᠪᠠᠶᠠᠨᠨᠠᠭᠤᠷ ᠬᠤᠲᠠ ᠳᠤ ᠬᠤᠲᠠ ᠶᠢᠨ ᠱᠠᠲᠤᠨ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠨᠡᠶᠢᠲᠡ ᠬᠡᠳᠦᠶ ᠪᠠᠶᠢᠬᠤ ᠪᠣᠶ︖   ᠬᠤᠲᠠ ᠶᠢᠨ ᠱᠠᠲᠤᠨ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠨᠡᠶᠢᠲᠡ 430 ᠪᠣᠶ᠂ ᠡᠭᠦᠨ ᠳᠤ ᠤᠯᠤᠰ ᠤᠨ ᠲᠠᠰ ᠤᠨ 3 ᠪᠣᠶ᠂ ᠲᠣᠰ ᠲᠣᠰ ᠤᠷᠠᠳ ᠤᠨ ᠬᠤᠶᠢᠲᠤ ᠬᠤᠰᠢᠭᠤ᠂ ᠤᠷᠠᠳ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠭᠠᠭᠮᠤᠲᠤ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ︔ ᠥᠪᠡᠷᠲᠡᠭᠡᠨ ᠵᠠᠰᠠᠬᠤ ᠣᠷᠣᠨ ᠤ ᠲᠠᠰ ᠤᠨ 47︔ ᠬᠤᠲᠠ ᠶᠢᠨ ᠱᠠᠲᠤᠨ ᠳᠤ 380 ᠪᠠᠶᠢᠨ᠎ᠠ᠃   10. 2023 ᠣᠨ ᠤ 11 ᠰᠠᠷ᠎ᠠ ᠪᠣᠯᠲᠠᠯ᠎ᠠ᠂ ᠪᠠᠶᠠᠨᠨᠠᠭᠤᠷ ᠬᠤᠳᠠ ᠶᠢᠨ ᠤᠯᠤᠰ ᠤᠨ ᠬᠥᠬᠢᠭᠦᠯᠦᠯ ᠰᠠᠶᠢᠰᠢᠶᠠᠯ ᠢ ᠬᠦᠷᠳᠡᠭᠰᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠨᠡᠶᠢᠳᠡ ᠪᠣᠯᠤᠨ ᠵᠢᠱᠢᠶᠡᠴᠢ ᠬᠤᠪᠢ ᠬᠥᠮᠦᠨ ᠲᠤᠰ ᠲᠤᠰ ᠬᠡᠳᠦᠢ ᠪᠠᠶᠢᠬᠤ ᠪᠤᠢ︖    ᠮᠠᠨ ᠤ ᠬᠤᠲᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ 10 ᠵᠢᠱᠢᠶᠡᠴᠢ ᠬᠠᠮᠲᠤ ᠨᠡᠶᠢᠲᠡ ᠪᠠ 10 ᠵᠢᠱᠢᠶᠡᠴᠢ ᠬᠤᠪᠢ ᠬᠥᠮᠦᠨ ᠲᠥᠷᠥ ᠶᠢᠨ ᠶᠠᠪᠤᠳᠠᠯ ᠤᠨ ᠬᠤᠷᠢᠶᠠᠨ ᠤ ᠬᠥᠬᠢᠭᠦᠯᠦᠯ ᠬᠥᠬᠢᠭᠦᠯᠦᠯ ᠢ ᠬᠦᠷᠲᠡᠪᠡ᠃                  ᠢᠷᠠᠯᠲᠠ᠄ ᠮᠣᠨᠠ ᠠᠭᠤᠯᠠ ᠪᠠᠯᠭᠠᠰᠣᠨ ᠤ ᠨᠠᠮ ᠤᠨ ᠪᠠᠶᠢᠭᠤᠯᠤᠯᠲᠠ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ