ᠬᠥᠳᠡᠭᠡ ᠠᠴᠠ ᠰᠢᠯᠵᠢᠭᠰᠡᠳ ᠢ ᠬᠤᠲᠠ ᠶᠢᠨ ᠠᠷᠠᠳ ᠪᠣᠯᠭᠠᠬᠤ ᠠᠵᠢᠯ ᠢ ᠲᠦᠷᠭᠡᠳᠭᠡᠬᠦ ᠳᠤ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠬᠡᠷᠬᠢᠨ ᠭᠦᠨᠵᠡᠭᠡᠶᠢᠷᠡᠭᠦᠯᠬᠦ ᠪᠤᠶ︖
ᠨᠡᠶᠢᠲᠡᠯᠡᠭᠰᠡᠨ ᠴᠠᠭ᠄
2024/8/6
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠢᠨᠠᠨ ᠵᠦᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ︽ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠭᠤᠯᠤᠯ ᠲᠣᠭᠲᠡᠴᠡ ᠶᠢ ᠪᠦᠷᠢᠨᠰᠢᠬᠦᠯᠤᠨ ᠠᠬᠢᠭᠤᠯᠬᠤ︾ ᠲᠤᠬᠠᠶ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠶ᠂ ᠡᠭᠦᠨ ᠳᠤ ︽ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠳᠠᠩᠰᠠᠯᠠᠭᠤᠯᠬᠤ ᠳᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠦᠷᠢᠮ ᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠬᠥᠳᠡᠭᠡ ᠠᠴᠠ ᠰᠢᠯᠵᠢᠭᠰᠡᠳ ᠤᠨ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠪᠠᠲᠤᠯᠠᠭ᠎ᠠ᠂ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠳᠤ ᠨᠡᠭᠦᠵᠦ ᠤᠷᠤᠭᠰᠠᠨ ᠭᠠᠵᠠᠷ ᠤᠨ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠯᠤᠭ᠎ᠠ ᠠᠳᠠᠯᠢ ᠲᠡᠭᠰᠢ ᠡᠷᠬᠡ ᠡᠳ᠋ᠯᠡᠬᠦ ᠶᠢ ᠠᠬᠢᠭᠤᠯᠵᠤ᠂ ᠬᠥᠳᠡᠭᠡ ᠠᠴᠠ ᠰᠢᠯᠵᠢᠭᠰᠡᠳ ᠢ ᠬᠤᠲᠠ ᠶᠢᠨ ᠠᠷᠠᠳ ᠪᠣᠯᠭᠠᠬᠤ ᠶᠢ ᠲᠦᠷᠭᠡᠳᠭᠡᠨ᠎ᠡ︾ ᠭᠡᠵᠦ ᠲᠤᠰᠬᠠᠶᠢᠯᠠᠨ ᠳᠤᠷᠠᠳᠤᠨ ᠭᠠᠷᠭᠠᠪᠠ᠃   ᠬᠤᠲᠠ ᠪᠠᠯᠭᠠᠰᠤᠵᠢᠯᠲᠠ ᠪᠣᠯ ᠣᠳᠣᠬᠢᠴᠢᠯᠠᠯᠲᠠ ᠶᠢᠨ ᠵᠠᠶᠢᠯᠠᠰᠢ ᠦᠭᠡᠶ ᠶᠠᠪᠤᠬᠤ ᠵᠠᠮ ᠮᠥᠨ᠂ ᠬᠥᠮᠦᠨ ᠤ ᠬᠤᠲᠠ ᠪᠠᠯᠭᠠᠰᠤᠵᠢᠯᠲᠠ ᠶᠢ ᠠᠬᠢᠭᠤᠯᠬᠤ ᠶᠢᠨ ᠴᠢᠬᠤᠯᠠ ᠭᠤᠭᠴᠤᠭ᠎ᠠ ᠨᠢ ᠡᠷᠦᠬᠡ ᠠᠮᠠ ᠶᠢᠨ ᠳᠠᠩᠰᠠᠨ ᠤ ᠳᠦᠷᠢᠮ ᠳᠤ ᠪᠤᠶ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠡᠷᠦᠬᠡ ᠠᠮᠠ ᠶᠢᠨ ᠲᠠᠩᠰᠠ ᠶᠢᠨ ᠲᠦᠷᠢᠮ ᠤᠨ ᠥᠭᠡᠷᠡᠴᠢᠯᠡᠯᠲᠡ ᠤᠷᠤᠭᠰᠢᠲᠠᠶ ᠶᠠᠪᠤᠭᠳᠠᠵᠤ᠂ ᠢᠯᠡᠳᠲᠡ ᠦᠷ᠎ᠡ ᠪᠦᠲᠦᠮᠵᠢ ᠣᠯᠵᠤ᠂ ᠬᠤᠲᠠ ᠬᠥᠳᠡᠭᠡ ᠶᠢᠨ ᠡᠷᠦᠬᠡ ᠠᠮᠠ ᠶᠢᠨ ᠳᠡᠩᠰᠡᠯᠡᠯᠲᠡ ᠶᠢᠨ ᠨᠢᠭᠡᠳᠦᠯᠲᠡᠶ ᠲᠦᠷᠢᠮ ᠢ ᠪᠥᠬᠦ ᠲᠠᠯ᠎ᠠ ᠪᠠᠷ ᠪᠠᠶᠢᠭᠤᠯᠵᠤ᠂ ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠣᠷᠣᠰᠢᠨ ᠰᠠᠭᠤᠷᠢᠰᠢᠬᠤ ᠦᠨᠡᠮᠯᠡᠯ ᠤᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠭᠰᠠᠨ ᠨᠢ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠶᠢ ᠲᠦᠢᠯ ᠤᠨ ᠶᠡᠭᠡ ᠪᠠᠷ ᠠᠬᠢᠭᠤᠯᠪᠠ᠃ ᠮᠠᠨ ᠤ ᠤᠯᠤᠰ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 2012 ᠣᠨ ᠳᠤ 53.10% ᠪᠠᠶᠢᠭᠰᠠᠨ ᠠᠴᠠ ᠪᠠᠨ 2023 ᠣᠨ ᠳᠤ 66.16% ᠪᠣᠯᠵᠣ ᠳᠡᠭᠡᠭᠰᠢᠯᠡᠪᠡ᠃    ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠬᠤᠶᠢᠰᠢᠳᠠ ᠶᠢᠨ 5 ᠵᠢᠯ ᠳᠤ ᠡᠷᠦᠬᠡ ᠠᠮᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠣᠳᠣᠷᠬᠠᠶ ᠪᠠᠶᠢᠷᠢᠯᠠᠭᠤᠯᠤᠯᠲᠠ ᠬᠢᠵᠦ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠦᠮᠦᠨ ᠠᠮᠠ 300 ᠲᠦᠮᠡ ᠠᠴᠠ ᠳᠣᠷᠣᠭᠰᠢᠬᠢ ᠬᠤᠳᠠ ᠳᠤ ᠡᠷᠦᠬᠡ ᠠᠮᠠ ᠣᠷᠣᠬᠤ ᠬᠢᠵᠠᠭᠠᠷᠯᠠᠯ ᠢ ᠬᠦᠴᠦᠨ ᠥᠬᠡᠶ ᠪᠣᠯᠭᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ ᠬᠦᠮᠦᠨ ᠠᠮᠠ 300 ᠲᠦᠮᠡ ᠠᠴᠠ 500 ᠲᠦᠮᠠ ᠪᠠᠶᠢᠭ᠎ᠠ ᠬᠤᠲᠠ ᠳᠤ ᠡᠷᠦᠬᠡ ᠠᠮᠠ ᠣᠷᠣᠬᠤ ᠨᠥᠬᠦᠴᠡᠯ ᠢ ᠪᠥᠬᠦ ᠲᠠᠯ᠎ᠠ ᠪᠠᠷ ᠠᠭᠤᠵᠢᠭᠤ ᠲᠠᠯᠪᠢᠵᠤ᠂ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ ᠬᠦᠮᠦᠨ ᠠᠮᠠ 500 ᠲᠦᠮᠡ ᠠᠴᠠ ᠳᠡᠭᠡᠭᠰᠢᠬᠢ ᠬᠡᠲᠦ ᠤᠨᠴᠠ ᠶᠡᠭᠡ ᠬᠤᠲᠠ ᠶᠢᠨ ᠬᠤᠪᠢ ᠬᠤᠷᠠᠮᠳᠤᠭᠤᠯᠵᠤ ᠡᠷᠦᠬᠡ ᠠᠮᠠ ᠣᠷᠣᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠭᠡᠵᠦ ᠳᠤᠷᠠᠳᠤᠨ ᠭᠠᠷᠭᠠᠪᠠ᠃   ︽ᠪᠢᠳᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠦᠷᠭᠦᠯᠵᠢᠯᠡᠨ ᠬᠦᠴᠦᠯᠡᠵᠦ᠂ ᠭᠦᠨᠵᠡᠭᠡᠶ ᠠᠬᠢᠭᠤᠯᠤᠨ᠂ ᠡᠯ᠎ᠡ ᠭᠠᠵᠠᠷ ᠤᠨ ᠬᠠᠤᠯᠢ ᠶᠣᠰᠣᠨ ᠤ ᠲᠣᠭᠲᠠᠭᠤᠨ ᠠᠵᠢᠯ ᠤᠯᠭᠤᠯᠳᠠ ᠪᠤᠶᠤ ᠬᠠᠤᠯᠢ ᠶᠣᠰᠣᠨ ᠤ ᠲᠣᠭᠲᠠᠭᠤᠨ ᠣᠷᠣᠨ ᠰᠠᠭᠤᠴᠠ ︵ᠲᠦᠷᠢᠶᠡᠰᠦᠯᠡᠬᠦ ᠪᠠᠭᠲᠠᠨ᠎ᠠ︶ ᠶᠢᠨ ᠦᠨᠳᠦᠰᠦᠨ ᠨᠥᠬᠦᠴᠡᠯ ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠤᠲᠠ ᠶᠢᠨ ᠪᠠᠶᠢᠳᠠᠯ ᠳᠤᠨᠢ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠡᠭᠦᠯᠭᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠪᠠᠶᠢᠩᠭᠤ ᠰᠠᠭᠤᠭ᠎ᠠ ᠭᠠᠵᠠᠷ ᠢᠶᠠᠷ ᠡᠷᠦᠬᠡ ᠠᠮᠠ ᠳᠠᠩᠰᠠᠯᠠᠬᠤ ᠲᠦᠷᠢᠮ ᠢ ᠬᠡᠷᠡᠭᠵᠢᠭᠦᠯᠦᠨ᠂ ᠬᠥᠳᠡᠭᠡ ᠠᠴᠠ ᠰᠢᠯᠵᠢᠭᠰᠡᠳ ᠤᠨ ᠬᠤᠲᠠ ᠳᠤ ᠡᠷᠦᠬᠡ ᠠᠮᠠ ᠣᠷᠣᠬᠤ ᠶᠢ ᠨᠠᠩ ᠰᠠᠶᠢᠲᠤᠷ ᠠᠬᠢᠭᠤᠯᠤᠨ᠎ᠠ︾ ᠭᠡᠵᠦ ᠳᠣᠲᠣᠭᠠᠳᠤ ᠶᠢ ᠬᠠᠮᠠᠭᠠᠯᠠᠬᠤ ᠶᠠᠮᠤᠨ ᠤ ᠠᠮᠤᠷ ᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠢᠦ ᠪᠦᠦ ᠯᠢ ᠬᠡᠯᠡᠪᠡ᠃   ᠴᠢᠦ ᠪᠦᠦ ᠯᠢ᠂ ᠪᠣᠳᠠᠲᠠᠶ ᠪᠠᠷ ᠬᠡᠯᠡᠪᠡᠯ᠂ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ ᠬᠥᠮᠦᠨ ᠠᠮᠠ ᠨᠢ 300 ᠲᠦᠮᠡ ᠠᠴᠠ ᠳᠣᠷᠣᠭᠰᠢᠬᠢ ᠬᠤᠲᠠ ᠳᠤ ᠠᠵᠢᠯ ᠤᠯᠬᠤ ᠪᠤᠶᠤ ᠣᠷᠣᠰᠢᠨ ᠰᠠᠭᠤᠷᠢᠰᠢᠬᠤ ᠵᠢᠯ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ ᠬᠠᠭᠠᠰ ᠵᠢᠯ ᠪᠣᠯᠤᠨ᠎ᠠ᠂ ᠡᠭᠦᠨ ᠤ ᠬᠠᠮᠲᠤ ᠬᠡᠷ ᠪᠠᠶᠢᠰᠢᠩ ᠬᠤᠳᠠᠯᠳᠤᠨ ᠠᠪᠬᠤ᠂ ᠪᠠᠯᠠ ᠣᠷᠣᠭᠤᠯᠵᠤ ᠭᠠᠶᠢᠯᠢ ᠲᠤᠰᠢᠶᠠᠬᠤ ᠵᠡᠷᠭᠡ ᠢᠯᠡᠭᠦᠴᠡ ᠬᠢᠵᠠᠭᠠᠷᠯᠠᠬᠤ ᠨᠥᠬᠦᠴᠡᠯ ᠨᠡᠮᠡᠵᠦ ᠪᠣᠯᠬᠤ ᠥᠬᠡᠶ︔ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ ᠬᠥᠮᠦᠨ ᠠᠮᠠ ᠨᠢ 300 ᠲᠦᠮᠡ ᠠᠴᠠ 500 ᠲᠦᠮᠡ ᠬᠥᠷᠬᠦ ᠬᠤᠲᠠ ᠳᠤ ᠣᠳᠣᠬᠠᠨ ᠳᠤ ᠵᠠᠷᠢᠮ ᠤᠨ ᠬᠢᠨᠢ ᠠᠵᠢᠯ ᠤᠯᠬᠤ ᠪᠤᠶᠤ ᠣᠷᠣᠰᠢᠨ ᠰᠠᠭᠤᠷᠢᠰᠢᠬᠤ ᠵᠢᠯ ᠬᠤᠭᠤᠴᠠᠭ᠎ᠠ ᠶᠢᠨ ᠱᠠᠭᠠᠷᠳᠠᠯᠭ᠎ᠠ ᠨᠢ ᠪᠠᠰᠠ ᠨᠡᠯᠢᠶᠡᠳ ᠥᠨᠳᠥᠷ ᠪᠠᠶᠢᠵᠤ᠂ ᠵᠢᠯ ᠬᠤᠭᠤᠴᠠᠭ᠎ᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠶ︔ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ ᠬᠥᠮᠦᠨ ᠠᠮᠠ ᠨᠢ 500 ᠲᠦᠮᠡ ᠠᠴᠠ ᠳᠡᠭᠡᠭᠰᠢ ᠪᠠᠶᠢᠬᠤ ᠬᠡᠳᠦ ᠣᠨᠴᠠ ᠶᠡᠭᠡ ᠬᠤᠲᠠ ᠳᠤ ᠬᠤᠪᠢ ᠬᠤᠷᠠᠮᠳᠤᠭᠤᠯᠵᠤ ᠡᠷᠦᠬᠡ ᠠᠮᠠ ᠣᠷᠣᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠬᠢᠷᠠᠭᠤᠯᠤᠨ ᠲᠡᠭᠦᠯᠳᠡᠷᠵᠢᠭᠦᠯᠵᠦ᠂ ᠨᠥᠬᠦᠴᠡᠯ ᠲᠠᠢ ᠬᠤᠲᠠ ᠨᠢ ᠬᠤᠪᠢ ᠬᠤᠷᠠᠮᠳᠤᠭᠤᠯᠵᠤ ᠡᠷᠦᠬᠡ ᠠᠮᠠ ᠣᠷᠣᠬᠤ ᠣᠨ ᠤ ᠣᠷᠣᠨ ᠲᠤᠭ᠎ᠠ ᠶᠢᠨ ᠬᠢᠵᠠᠭᠠᠷᠯᠠᠯ ᠢ ᠬᠦᠴᠦᠨ ᠥᠬᠡᠶ ᠪᠣᠯᠭᠠᠬᠤ ᠶᠢ ᠰᠦᠪᠡᠭᠴᠢᠯᠡᠬᠦ ᠬᠡᠷᠡᠭᠲᠡᠶ ᠭᠡᠵᠦ ᠢᠯᠡᠳᠭᠡᠪᠡ᠃   ᠬᠥᠳᠡᠭᠡ ᠠᠴᠠ ᠰᠢᠯᠵᠢᠭᠰᠡᠳ ᠢ ᠬᠤᠲᠠ ᠶᠢᠨ ᠠᠷᠠᠳ ᠪᠣᠯᠭᠠᠬᠤ ᠪᠣᠯ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠡᠷᠢᠭᠦᠨ ᠴᠢᠬᠤᠯᠠ ᠡᠭᠦᠷᠭᠡ ᠮᠥᠨ᠂ ᠪᠠᠰᠠ ᠴᠤ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠮᠥᠨ ᠃ ᠲᠠᠷᠠᠭᠠᠴᠢ ᠶᠢᠨ ᠠᠯᠬᠤᠮ ᠳᠤ᠂ ᠬᠥᠳᠡᠭᠡ ᠠᠴᠠ ᠰᠢᠯᠵᠢᠭᠰᠡᠳ ᠤᠨ ᠬᠤᠲᠠ ᠳᠤ ᠡᠷᠦᠬᠡ ᠠᠮᠠ ᠣᠷᠣᠬᠤ ᠠᠵᠢᠯ ᠢ ᠨᠠᠩ ᠤᠷᠤᠭᠰᠢᠲᠠᠶ᠂ ᠨᠠᠩ ᠳᠥᠭᠦᠮ ᠳᠥᠲᠡ ᠪᠣᠯᠭᠠᠬᠤ ᠪᠠᠷ ᠪᠠᠷᠠᠬᠤ ᠥᠬᠡᠶ ᠪᠠᠰᠠ ᠬᠥᠳᠡᠭᠡ ᠠᠴᠠ ᠰᠢᠯᠵᠢᠭᠰᠡᠳ ᠢ ᠬᠤᠲᠠ ᠶᠢᠨ ᠠᠷᠠᠳ ᠪᠣᠯᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠷᠢᠮ ᠳᠤᠮᠳᠠ ᠵᠢᠵᠢᠭ ᠬᠤᠲᠠ ᠪᠠ ᠰᠢᠶᠠᠨ ᠤ ᠬᠤᠲᠠ ᠶᠢᠨ ᠠᠵᠤ ᠦᠢᠯᠡᠰ ᠪᠠ ᠬᠥᠮᠦᠨ ᠠᠮᠠ ᠳᠤ ᠦᠵᠡᠭᠦᠯᠬᠦ ᠳᠠᠭᠠᠭᠠᠴᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠠᠴᠠ ᠰᠢᠯᠵᠢᠭᠰᠡᠨ ᠥᠷᠭᠡᠨ ᠣᠯᠠᠨ ᠬᠥᠮᠦᠨ ᠠᠮᠠ ᠶᠢᠨ ︽ᠲᠤᠭᠲᠠᠭᠤᠨ ᠦᠭᠡᠢ︾ ᠪᠠᠶᠢᠭᠰᠠᠨ ᠠᠴᠠ ᠪᠠᠨ ︽ᠲᠣᠭᠲᠠᠭᠤᠨ ᠪᠤᠯᠵᠤ︾᠂ ᠨᠠᠩ ᠰᠠᠶᠢᠨ ᠰᠠᠨᠠᠭ᠎ᠠ ᠠᠮᠤᠷ ᠠᠮᠤᠷ ᠲᠠᠶᠢᠪᠤᠩ ᠠᠵᠤ ᠲᠦᠷᠦᠭᠦ ᠳᠤ ᠬᠦᠴᠦᠲᠡᠶ ᠪᠠᠲᠤᠯᠠᠭ᠎ᠠ ᠬᠠᠩᠭᠠᠨ᠎ᠠ᠃   ᠡᠭᠦᠨ ᠤ ᠲᠤᠬᠠᠶ᠂ ᠠᠵᠢᠯᠯᠠᠭᠠᠨ ᠤ ᠲᠥᠯᠥᠪᠯᠡᠭᠡ ᠨᠢ ᠰᠢᠨ᠎ᠡ ᠨᠢᠭᠡ ᠡᠭᠡᠯᠵᠢ ᠶᠢᠨ ᠬᠥᠳᠡᠭᠡ ᠠᠴᠠ ᠰᠢᠯᠵᠢᠭᠰᠡᠳ ᠢ ᠬᠤᠲᠠ ᠶᠢᠨ ᠠᠷᠠᠳ ᠪᠣᠯᠭᠠᠬᠤ ᠠᠵᠢᠯᠯᠠᠭ᠎ᠠ ᠶᠢ ᠬᠡᠷᠡᠭᠵᠢᠭᠦᠯᠬᠦ ᠲᠤᠬᠠᠶ ᠪᠠᠶᠢᠷᠢᠯᠠᠭᠤᠯᠤᠯᠲᠠ ᠬᠢᠵᠦ᠂ ᠬᠤᠲᠠ ᠳᠤ ᠤᠷᠤᠭᠰᠠᠨ ᠬᠥᠯᠥᠰᠥᠨ ᠠᠵᠢᠯᠴᠢᠨ ᠵᠢᠴᠢ ᠲᠡᠳᠡᠨ ᠢ ᠳᠠᠭᠠᠵᠤ ᠨᠡᠭᠦᠭᠰᠡᠨ ᠭᠡᠷ ᠪᠦᠯᠢ ᠪᠠᠷ ᠭᠤᠣᠯᠳᠠᠯᠭ᠎ᠠ ᠪᠣᠯᠭᠠᠨ᠂ ᠬᠤᠲᠠ ᠶᠢᠨ ᠬᠤᠭᠤᠷᠣᠨᠳᠣᠬᠢ ᠨᠡᠭᠦᠳᠡᠯ ᠬᠥᠮᠦᠨ ᠠᠮᠠ ᠶᠢ ᠬᠠᠮᠲᠤ ᠳᠤᠨᠢ ᠬᠠᠷᠠᠭᠠᠯᠵᠠᠵᠤ᠂ ᠬᠥᠳᠡᠭᠡ ᠠᠴᠠ ᠰᠢᠯᠵᠢᠭᠰᠡᠨ ᠬᠥᠮᠦᠨ ᠠᠮᠠ ᠶᠢᠨ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ ᠲᠣᠭᠲᠠᠭᠤᠨ ᠠᠵᠢᠯ ᠣᠯᠭᠤᠯᠲᠠ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠣᠷᠣᠨ ᠰᠠᠭᠤᠴᠠ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠬᠥᠳᠡᠭᠡ ᠠᠴᠠ ᠰᠢᠯᠵᠢᠭᠰᠡᠳ ᠢ ᠬᠤᠲᠠ ᠶᠢᠨ ᠠᠷᠠᠳ ᠪᠣᠯᠭᠠᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠤᠲᠠ ᠳᠤ ᠡᠷᠦᠬᠡ ᠠᠮᠠ ᠤᠷᠤᠭᠰᠠᠨ ᠲᠠᠷᠢᠶᠠᠴᠢᠳ ᠤᠨ ᠬᠥᠳᠡᠭᠡ ᠲᠣᠰᠬᠤᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠵᠠᠶ᠃ ᠡᠭᠦᠨ ᠤ ᠬᠠᠮᠲᠤ 5 ᠵᠢᠯ ᠤᠨ ᠴᠢᠷᠮᠠᠶᠢᠯᠭ᠎ᠠ ᠪᠠᠷ ᠳᠡᠮᠵᠢᠨ᠂ ᠬᠥᠳᠡᠭᠡ ᠠᠴᠠ ᠰᠢᠯᠵᠢᠭᠰᠡᠳ ᠤᠨ ᠬᠤᠲᠠ ᠳᠤ ᠡᠷᠦᠬᠡ ᠠᠮᠠ ᠣᠷᠣᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠪᠠᠶᠢᠩᠭᠤ ᠰᠠᠭᠤᠭ᠎ᠠ ᠭᠠᠵᠠᠷ ᠲᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠤᠨ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 70% ᠰᠢᠬᠠᠮ ᠪᠣᠯᠭᠠᠨ ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠵᠠᠶ᠃︵ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 3 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ