ᠨᠠᠢᠮᠠᠳᠤᠭᠠᠷ ᠬᠤᠭᠤᠴᠠᠭᠠᠨ ᠤ ︽ᠪᠠᠭ᠋ᠠᠷᠣᠯᠲᠣ ᠣᠷᠠᠳ︾ ᠪᠠᠷᠠᠭᠤᠨ ᠣᠷᠣᠨ ᠤ ᠠᠷᠠᠳ ᠤᠨ ᠳᠠᠭᠤᠤ ᠵᠢᠴᠢ 2024 ᠣᠨ ᠤ ᠮᠣᠨᠠ  ᠶᠢᠨ  ᠡᠭᠡᠰᠢᠭᠲᠦ ᠳᠠᠭᠤᠤ ᠬᠥᠭᠵᠢᠮ ᠤᠨ ᠨᠠᠭᠠᠳᠣᠮ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/9/10
   9 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ︽ᠤᠮᠠᠷᠠᠲᠤ ᠬᠢᠯᠢ ᠶᠢ ᠮᠠᠭᠲᠠᠨ ᠳᠠᠭᠤᠯᠠᠵᠤ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠨᠠᠢᠮᠠᠳᠤᠭᠠᠷ ᠬᠤᠭᠤᠴᠠᠭᠠᠨ ᠤ  ︽ᠪᠠᠭ᠋ᠠᠷᠣᠯᠲᠣ ᠣᠷᠠᠳ︾ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠵᠢᠴᠢ 2024 ᠣᠨ ᠤ ᠮᠣᠨᠠ ᠶᠢᠨ ᠡᠬᠡᠰᠢᠭᠲᠦ ᠳᠠᠭᠤᠤ ᠬᠥᠭᠵᠢᠮ ᠤᠨ ᠨᠠᠭᠠᠳᠤᠮ ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠰᠤᠮᠤ ᠶᠢᠨ ᠠᠷᠴᠠ ᠭᠠᠴᠠᠭᠠᠨ ᠳᠤ ᠦᠪᠡᠳᠡᠭᠰᠢ ᠶᠡᠭᠡ ᠪᠠᠷ ᠡᠬᠢᠯᠡᠪᠡ᠃

1.jpg

   ᠡᠬᠢᠯᠡᠯᠲᠡ ᠶᠢᠨ ᠶᠣᠰᠣᠯᠠᠯ ᠳᠤ᠂ ᠮᠠᠯᠴᠢᠨ ᠲᠠᠷᠢᠶᠠᠴᠢᠨ ᠤ ᠠᠩᠭᠢ᠂ ᠪᠦᠬᠡ ᠶᠢᠨ ᠠᠩᠭᠢ᠂ ᠰᠤᠷ  ᠬᠠᠷᠪᠣᠭᠠᠴᠢ ᠶᠢᠨ ᠠᠩᠭᠢ᠂ ᠮᠣᠩᠭᠤᠯ ᠮᠣᠷᠢᠨ ᠤ 

ᠠᠩᠭᠢ᠂ ᠤᠷᠠᠳ ᠬᠤᠪᠴᠠᠰᠤ ᠵᠠᠰᠠᠯ ᠤᠨ ᠦᠵᠡᠭᠦᠯᠦᠯᠭᠡ ᠶᠢᠨ ᠠᠩᠭᠢ  ᠲᠠᠯᠠᠪᠠᠢ ᠳᠤ ᠣᠷᠣᠵᠣ᠂ ᠤᠷᠠᠳ ᠤᠨ ᠡᠮᠦᠨᠡᠲᠦ ᠬᠤᠰᠢᠭᠤᠨ ᠤ ᠥᠪᠡᠷᠮᠢᠴᠡ

ᠰᠣᠶᠣᠯ ᠤᠨ ᠷᠢᠳᠢ ᠰᠢᠳᠢ ᠶᠢ ᠳᠡᠯᠭᠡᠨ ᠦᠵᠡᠭᠦᠯᠪᠡ᠃ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠳᠤ ᠣᠷᠣᠯᠴᠠᠭᠰᠠᠨ ᠡᠯ᠎ᠡ ᠮᠤᠵᠢ

ᠬᠤᠲᠠ ᠥᠪᠡᠷᠲᠡᠭᠡᠨ ᠵᠠᠰᠠᠬᠤ ᠣᠷᠣᠨ ᠵᠢᠴᠢ ᠬᠠᠮᠢᠶ᠎ᠠ ᠪᠦᠬᠦᠢ ᠬᠤᠲᠠ ᠰᠢᠶᠠᠨ ᠤ ᠲᠥᠯᠥᠭᠡᠯᠡᠭᠴᠢᠳ ᠤᠨ ᠠᠩᠭᠢ ᠴᠤ ᠲᠠᠯᠠᠪᠠᠢ ᠳᠤ ᠣᠷᠣᠵᠣ᠂  ᠠᠳᠠᠯᠢ

ᠪᠣᠰᠣ ᠭᠠᠵᠠᠷ ᠣᠷᠣᠨ ᠤ ᠦᠨᠳᠣᠰᠣᠲᠡᠨ ᠤ ᠰᠣᠶᠣᠯ  ᠢ ᠢᠯᠡᠷᠡᠬᠦᠯᠪᠡ᠃

2.jpg

3.jpg

    ᠣᠶᠢᠯᠠᠭᠠᠭᠰᠠᠨ ᠢᠶᠠᠷ᠂ 2024 ᠣᠨ ᠤ  ᠮᠣᠨᠠ  ᠶᠢᠨ ᠡᠬᠡᠰᠢᠭᠲᠦ ᠳᠠᠭᠤᠤ ᠬᠥᠭᠵᠢᠮ ᠤᠨ ᠨᠠᠭᠠᠳᠤᠮ ᠨᠢ ᠪᠠᠰᠠ ︽ᠤᠮᠠᠷᠠᠲᠤ ᠬᠢᠯᠢ ᠶᠢ ᠮᠠᠭᠲᠠᠨ

ᠳᠠᠭᠤᠯᠠᠵᠤ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠨᠠᠢᠮᠠᠳᠤᠭᠠᠷ ᠬᠤᠭᠤᠴᠠᠭᠠᠨ ᠤ  ︽ᠪᠠᠭ᠋ᠠᠷᠣᠯᠲᠣ ᠣᠷᠠᠳ︾ ᠪᠠᠷᠠᠭᠤᠨ

ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠤ ᠴᠢᠬᠤᠯᠠ ᠭᠤᠭᠴᠤᠭ᠎ᠠ ᠪᠣᠯᠤᠨ᠎ᠠ᠂ ᠤᠷᠤᠯᠳᠤᠭᠠᠨ ᠨᠢ 9 ᠰᠠᠷ᠎ᠠ ᠶᠢᠨ 8 ᠤ ᠡᠳᠦᠷ ᠠᠴᠠ 9

ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠵᠦ᠂  ᠡᠷᠡᠭᠲᠡᠶ ᠶᠢᠨ ᠬᠠᠷᠪᠣᠭ᠎ᠠ᠂ ᠡᠮᠡᠭᠲᠡᠶ ᠶᠢᠨ 30 ᠮᠧᠲᠷ᠂ ᠤᠯᠠᠮᠵᠢᠯᠠᠯᠲᠤ ᠮᠣᠩᠭᠤᠯ ᠬᠤᠪᠴᠠᠰᠣ

ᠵᠠᠰᠠᠯ ᠮᠣᠷᠢᠨ ᠡᠮᠡᠭᠡᠯ ᠪᠡᠯᠡᠳᠭᠡᠬᠦ 2000 ᠮᠧᠲᠷ ᠤᠨ ᠤᠷᠤᠯᠳᠤᠭᠠᠨ᠂ 8000 ᠮᠧᠲᠷ ᠤᠨ ᠮᠣᠩᠭᠤᠯ ᠮᠣᠷᠢᠨ ᠤ ᠬᠢᠵᠠᠭᠠᠷ 1.38 ᠮᠧᠲᠷ ᠤᠨ

ᠵᠢᠷᠤᠭ᠎ᠠ ᠮᠣᠷᠢᠨ ᠤ ᠤᠷᠤᠯᠳᠤᠭᠠᠨ᠂ ᠡᠷᠡᠭᠲᠡᠶ᠂ ᠡᠮᠡᠭᠲᠡᠶ ᠶᠢᠨ ᠪᠥᠬᠡ᠂ ᠮᠣᠩᠭᠤᠯ ᠮᠣᠷᠢᠨ ᠤ ᠬᠢᠵᠠᠭᠠᠷ 1.38 ᠮᠧᠲᠷ ᠤᠨ ᠪᠤᠤᠬᠢᠶ᠎ᠠ ᠤᠷᠤᠯᠳᠤᠭᠠᠨ

ᠪᠣᠯᠤᠨ᠎ᠠ᠃

5.jpg

6.jpg

    

    ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠬᠤᠰᠢᠭᠤᠨ ᠳᠠᠷᠤᠭ᠎ᠠ ᠸᠠᠩ ᠵᠢᠶᠦ᠋ᠨ ᠵᠢᠶᠧ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ  ᠠᠯᠳ᠋ᠬᠠᠠᠭᠤᠯᠠ ᠵᠡᠷᠭᠡ ᠬᠤᠰᠢᠭᠤᠨ ᠤ ᠤᠳᠤᠷᠢᠳᠤᠯᠭ᠎ᠠ

ᠵᠢᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠰᠤᠳᠤᠯᠭᠠᠨ ᠤ

ᠬᠦᠷᠢᠶᠡᠯᠡᠩ ᠵᠢᠴᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠬᠤᠰᠢᠭᠤ ᠬᠤᠶᠠᠷ ᠱᠠᠲᠤᠨ ᠤ ᠰᠣᠶᠣᠯ ᠵᠢᠭᠤᠯᠴᠢᠯᠠᠯ ᠤᠨ

ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠬᠠᠮᠢᠶ᠎ᠠ ᠪᠥᠬᠦᠶ ᠨᠢᠭᠡᠴᠡ᠂ ᠬᠡᠰᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠤᠷᠠᠳ ᠤᠨ ᠡᠮᠦᠨᠡᠲᠦ

ᠬᠤᠰᠢᠭᠤᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠠᠮᠢᠶ᠎ᠠ ᠪᠥᠬᠦᠶ

ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ

ᠬᠤᠰᠢᠭᠤ ᠳᠡᠳ᠋ ᠳᠠᠷᠤᠭ᠎ᠠ  ᠪᠠᠶᠠᠨᠪᠢᠯᠢᠭ᠌ ᠡᠬᠢᠯᠡᠯᠲᠡ ᠶᠢᠨ ᠶᠣᠰᠣᠯᠠᠯ ᠢ ᠡᠷᠭᠢᠯᠡᠪᠡ᠃

4.jpg

 

7.jpg

8.jpg

 

  ᠸᠠᠩ ᠵᠢᠶᠦ᠋ᠨ ᠵᠢᠶᠧ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ

ᠡᠯ᠎ᠡ ᠡᠲᠡᠭᠡᠳ ᠤᠨ ᠬᠥᠮᠦᠰ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠨᠠᠭᠠᠳᠤᠮ ᠪᠣᠯ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ᠂

ᠰᠣᠶᠣᠯ ᠤᠨ ᠦᠪᠡᠳᠡᠭᠰᠢ ᠨᠠᠶᠢᠷ ᠮᠥᠨ ᠪᠥᠭᠡᠳ ᠨᠠᠩ ᠴᠤ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ

ᠠᠬᠢᠭᠤᠯᠬᠤ᠂ ᠦᠨᠳᠦᠰᠦᠲᠡᠨ ᠤ ᠵᠠᠩ ᠦᠢᠯᠡ ᠶᠢ ᠳᠡᠯᠭᠡᠨ ᠦᠵᠡᠭᠦᠯᠬᠦ ᠴᠢᠬᠤᠯᠠ ᠠᠴᠢᠶᠠᠯᠠᠪᠤᠷᠢ ᠮᠥᠨ᠃ ᠤᠷᠤᠯᠳᠤᠭᠠᠨ ᠳᠤ ᠣᠷᠣᠯᠴᠠᠭᠰᠠᠨ ᠪᠦᠬᠦ

ᠲᠠᠮᠢᠷᠴᠢᠳ ᠤᠨ ᠬᠡᠪ ᠨᠠᠮᠪᠠ ᠲᠠᠢ᠂ ᠨᠥᠬᠦᠷᠯᠡᠯ ᠲᠠᠢ᠂ ᠬᠢᠷᠢ ᠲᠦᠪᠰᠢᠨ ᠭᠠᠷᠭᠠᠬᠤ ᠶᠢ ᠬᠦᠰᠡᠵᠦ ᠪᠠᠶᠢᠨ᠎ᠠ ᠬᠡᠵᠡᠢ᠃ ᠰᠣᠶᠣᠯᠲᠤ ᠲᠣᠰ ᠤᠳᠠᠭᠠᠨ ᠤ

ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ