| 9 ᠰᠠᠷ᠎ᠠ ᠶᠢᠨ 8 ᠤ ᠣᠷᠣᠢ᠂ ︽ ᠣᠮᠠᠷᠠᠲᠣ ᠬᠢᠯᠢ ᠪᠠᠨ ᠮᠠᠭᠲᠠᠨ ᠳᠠᠭᠤᠯᠠᠵᠤ ᠰᠡᠳᠬᠢᠯ ᠨᠢᠭᠡᠳᠣᠨ ᠬᠦᠰᠡᠯ ᠢᠶᠠᠨ ᠲᠡᠷᠭᠡᠯᠰᠢᠯᠡᠬᠦᠯᠦᠶᠡ︾ | ᠨᠠᠢᠮᠠᠳᠣᠭᠠᠷ ᠬᠤᠭᠤᠴᠠᠭᠠᠨ ᠤ ︽ᠪᠠᠭ᠋ᠠᠷᠣᠯᠲᠣ ᠣᠷᠠᠳ︾ ᠪᠠᠷᠠᠭᠤᠨ ᠣᠷᠣᠨ ᠤ ᠠᠷᠠᠳ ᠤᠨ ᠳᠠᠭᠤᠣ ᠶᠢᠨ ᠴᠣᠭᠯᠠᠭᠠᠨ ᠵᠢᠴᠢ 2024 ᠣᠨ ᠤ ᠮᠣᠨᠠ | ᠶᠢᠨ ᠡᠭᠡᠰᠢᠭᠲᠦ ᠳᠠᠭᠤᠣ ᠬᠦᠭᠵᠢᠮ ᠤᠨ ᠨᠠᠭᠠᠳᠣᠮ ᠣᠷᠠᠳ ᠤᠨ ᠡᠮᠦᠨᠡᠲᠣ ᠬᠤᠰᠢᠭᠤᠨ ᠤ ᠪᠠᠶ᠎ᠠ ᠲᠠᠮᠢᠷ ᠰᠣᠶᠣᠯ ᠤᠨ ᠠᠵᠣ ᠦᠢᠯᠡᠰ ᠤᠨ ᠬᠦᠷᠢᠶᠡᠯᠡᠩ | ᠳᠤ ᠦᠪᠡᠭᠳᠡᠰᠢ ᠶᠡᠭᠡ ᠪᠠᠷ ᠡᠬᠢᠯᠡᠭᠰᠡᠨ ᠪᠠᠶᠢᠨ᠎ᠠ᠃ | | | | | | ︽ᠪᠠᠭ᠋ᠠᠷᠣᠯᠲᠣ ᠣᠷᠠᠳ︾ ᠪᠠᠷᠠᠭᠤᠨ ᠣᠷᠣᠨ ᠤ ᠠᠷᠠᠳ ᠤᠨ ᠳᠠᠭᠤᠣ ᠶᠢᠨ ᠴᠣᠭᠯᠠᠭᠠᠨ 2015 ᠣᠨ ᠳᠤ ᠪᠠᠶᠢᠭᠤᠯᠤᠭᠳᠠᠭᠰᠠᠨ ᠠᠴᠠ ᠨᠠᠰᠢ᠂ | ᠨᠢᠭᠡᠨᠳᠠ ᠲᠣᠯᠣᠭᠠᠨ ᠬᠤᠭᠤᠴᠠᠭ᠎ᠠ ᠪᠠᠨ ᠠᠮᠵᠢᠯᠲᠠ ᠲᠠᠢ ᠶᠠᠪᠣᠭᠳᠠᠭᠤᠯᠵᠣ᠂ ᠡᠳᠡᠭᠡᠷ ᠵᠢᠯ ᠤᠳ ᠲᠤ ᠬᠦᠷᠢᠶ᠎ᠡ ᠬᠡᠪᠴᠢᠶ᠎ᠠ ᠨᠢ ᠲᠠᠰᠣᠷᠠᠯᠲᠠ ᠦᠭᠡᠢ | ᠦᠷᠭᠡᠳᠴᠣ᠂ ᠨᠦᠯᠦᠭᠡᠯᠡᠬᠦ ᠬᠦᠴᠦᠨ ᠪᠠ ᠨᠠᠷᠠᠲᠣ ᠲᠡᠮᠳᠡᠭ ᠤᠨ ᠦᠢᠯᠡᠳᠦᠯ ᠨᠢ ᠵᠢᠯ ᠳᠠᠷᠠᠭᠠᠯᠠᠨ ᠳᠡᠭᠡᠭᠰᠢᠯᠡᠵᠦ᠂ ᠦᠪᠦᠷ ᠮᠣᠩᠭᠤᠯ ᠤᠨ ᠦᠪᠡᠷᠲᠡᠭᠡᠨ | ᠵᠠᠰᠠᠬᠤ ᠤᠷᠤᠨ ᠲᠡᠷᠡᠴᠢᠯᠡᠨ ᠲᠣᠮᠳᠠᠲᠣ ᠣᠯᠣᠰ ᠤᠨ ᠬᠠᠮᠤᠭ ᠤᠨ ᠨᠦᠯᠦᠭᠡᠯᠡᠬᠦ ᠬᠦᠴᠦᠨ ᠲᠠᠢ ᠣᠯᠠᠨ ᠲᠦᠮᠡᠨ ᠤ ᠰᠣᠶᠣᠯ ᠤᠨ ᠨᠠᠷᠠᠲᠣ ᠠᠵᠢᠯᠯᠠᠭ᠎ᠠ | ᠪᠣᠯᠣᠭᠰᠠᠨ ᠪᠠᠶᠢᠨ᠎ᠠ᠃ ᠲᠣᠰ ᠬᠤᠭᠤᠴᠠᠭᠠᠨ ᠤ ᠪᠠᠷᠠᠭᠤᠨ ᠣᠷᠣᠨ ᠤ ᠠᠷᠠᠳ ᠤᠨ ᠳᠠᠭᠤᠣ ᠶᠢᠨ ᠴᠣᠭᠯᠠᠭᠠᠨ 9 ᠰᠠᠷ᠎ᠠ ᠶᠢᠨ 8 ᠤ ᠡᠳᠦᠷ ᠠᠴᠠ 9 | ᠰᠠᠷ᠎ᠠ ᠶᠢᠨ12 ᠤᠨ ᠡᠳᠦᠷ ᠪᠣᠯᠲᠠᠯ᠎ᠠ ᠶᠠᠪᠣᠭᠳᠠᠵᠣ᠂ ᠪᠡᠭᠡᠵᠢᠩ᠂ ᠴᠦᠩᠴᠢᠩ᠂ ᠬᠦᠬᠡᠨᠠᠭᠤᠷ᠂ ᠰᠢᠨᠵᠢᠶᠠᠩ ᠵᠡᠷᠭᠡ 17 ᠮᠣᠵᠢ᠂ ᠦᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠵᠢᠴᠢ ᠦᠪᠦᠷ ᠮᠣᠩᠭᠤᠯ ᠤᠨ 11 ᠠᠶᠢᠮᠠᠭ ᠬᠤᠲᠠ ᠶᠢᠨ 34 ᠲᠦᠯᠦᠭᠡᠯᠡᠭᠴᠢᠳ ᠤᠨ ᠠᠩᠬᠢ ᠶᠢᠨ 150 | ᠭᠠᠷᠣᠢ ᠠᠷᠠᠳ ᠤᠨ ᠳᠠᠭᠤᠴᠢᠳ ᠣᠷᠣᠯᠴᠠᠭᠰᠠᠨ ᠪᠠᠶᠢᠨ᠎ᠠ ᠃ | | | | | | ᠣᠶᠢᠷ᠎ᠠ ᠶᠢᠨ ᠵᠢᠯ ᠠᠴᠠ ᠨᠠᠭᠠᠰᠢ᠂ ᠣᠷᠠᠳ ᠤᠨ ᠡᠮᠦᠨᠡᠲᠣ ᠬᠤᠰᠢᠭᠤ ᠲᠣᠮᠳᠠᠲᠣ ᠶᠢᠨ ᠦᠨᠳᠣᠰᠣᠲᠡᠨ ᠤ ᠬᠠᠮᠲᠣ ᠶᠢᠨ ᠴᠣᠭᠴᠠ ᠶᠢᠨ ᠣᠬᠠᠮᠰᠠᠷ ᠢ | ᠪᠠᠲᠣᠳᠬᠠᠬᠤ ᠪᠠᠷ ᠭᠤᠣᠯ ᠰᠢᠵᠢᠮ ᠪᠣᠯᠭᠠᠵᠤ᠂ ᠶᠠᠷᠣᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠲᠣᠰᠢᠶᠠᠭᠰᠠᠨ ︽ᠲᠠᠪᠣᠨ ᠶᠡᠭᠡ ᠡᠬᠦᠷᠭᠡ︾ | ᠪᠣᠯᠣᠨ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠣᠳᠠᠯ ᠳᠤ ᠠᠩᠬᠠᠷᠣᠯ ᠢᠶᠠᠨ | ᠲᠦᠪᠯᠡᠷᠡᠬᠦᠯᠵᠦ᠂ ᠦᠷᠭᠡᠨ ᠣᠯᠠᠨ ᠣᠳᠬ᠎ᠠ ᠣᠷᠠᠯᠢᠭ ᠤᠨ ᠠᠵᠢᠯᠲᠠᠳ ᠢ ᠪᠦᠯᠬᠦᠮᠳᠡᠬᠦᠯᠦᠨ ᠳᠠᠭᠠᠭᠤᠯᠵᠣ ᠰᠣᠶᠣᠯ ᠤᠨ ᠢᠲᠡᠭᠡᠯ ᠢᠶᠠᠨ ᠪᠠᠲᠣᠳᠬᠠᠵᠤ᠂ | ᠠᠷᠠᠳ ᠤᠨ ᠳᠠᠭᠤᠣ ᠣᠷᠠᠯᠢᠭ ᠢ ᠬᠦᠨᠵᠡᠭᠡᠢ ᠠᠭᠤᠳᠠᠯᠣᠨ ᠡᠮᠬᠢᠳᠭᠡᠵᠦ᠂ ᠣᠯᠠᠮᠵᠢᠯᠠᠨ ᠬᠠᠮᠠᠭᠠᠯᠠᠵᠦ᠂ ᠰᠢᠨ᠎ᠡ ᠶᠢ ᠡᠬᠦᠳᠦᠨ ᠬᠦᠭᠵᠢᠬᠦᠯᠵᠦ᠂ ᠨᠢᠭᠡ | ᠪᠦᠯᠦᠭ ᠠᠷᠠᠳ ᠤᠨ ᠳᠠᠭᠤᠣ ᠣᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠡᠯ᠎ᠡ ᠦᠨᠳᠣᠰᠣᠲᠡᠨ ᠨᠦᠭᠦᠳ ᠤᠨ ᠣᠯᠠᠨ ᠲᠦᠮᠡᠨ ᠦᠨᠢ | ᠡᠭᠦᠷᠢᠳᠡ ᠨᠠᠮ ᠤᠨ ᠦᠭᠡ ᠶᠢ ᠰᠣᠨᠣᠰᠴᠣ᠂ ᠦᠨᠢ ᠡᠬᠦᠷᠢᠲᠡ ᠨᠠᠮ ᠢᠶᠠᠨ ᠳᠠᠭᠠᠬᠤ ᠴᠤᠭ ᠪᠠᠳᠠᠷᠠᠩᠭᠤᠢ ᠣᠶᠣᠨ ᠰᠠᠨᠠᠭᠠᠨ ᠤ ᠲᠦᠷᠴᠣ ᠪᠠᠶᠢᠳᠠᠯ ᠢ | ᠢᠯᠡᠷᠡᠭᠦᠯᠪᠡ᠃ ᠲᠣᠰ ᠣᠳᠠᠭᠠᠨ ᠤ ᠠᠷᠠᠳ ᠤᠨ ᠳᠠᠭᠤᠣ ᠶᠢᠨ ᠴᠣᠭᠯᠠᠭᠠᠨ ᠤ ᠠᠭᠤᠯᠭ᠎ᠠ ᠨᠢ ᠦᠷᠭᠡᠨ ᠳᠡᠯᠭᠡᠷ᠂ ᠬᠡᠪ ᠨᠠᠮᠪᠠ ᠣᠯᠠᠨ ᠶᠠᠩᠵᠣ ᠲᠠᠢ | ᠪᠠᠶᠢᠵᠤ᠂ ᠬᠦᠭ ᠠᠶᠠᠰ ᠭᠤᠶᠢᠲᠠ ᠰᠠᠶᠢᠬᠠᠨ᠂ ᠣᠳᠬ᠎ᠠ ᠰᠠᠨᠠᠭ᠎ᠠ ᠬᠦᠨ ᠵᠣᠵᠠᠭᠠᠨ ᠪᠠᠶᠢᠵᠤ᠂ ᠦᠷᠭᠡᠨ ᠣᠯᠠᠨ ᠦᠵᠡᠭᠴᠢᠳ ᠲᠤ ᠠᠷᠠᠳ ᠤᠨ ᠳᠠᠭᠤᠣ | ᠶᠢᠨ ᠷᠢᠳᠢ ᠰᠢᠳᠢ ᠶᠢ ᠦᠵᠡᠭᠦᠯᠦᠭᠰᠡᠨ ᠢᠶᠠᠷ ᠪᠠᠷᠠᠬᠤ ᠦᠬᠡᠢ᠂ ᠦᠨᠳᠣᠰᠣᠲᠡᠨ ᠨᠦᠭᠦᠳ ᠤᠨ ᠣᠯᠠᠨ ᠲᠦᠮᠡᠨ ᠤ ᠰᠢᠨ᠎ᠡ ᠲᠣᠮᠳᠠᠲᠣ ᠣᠯᠣᠰ | ᠪᠠᠶᠢᠭᠤᠯᠤᠭᠳᠠᠭᠰᠠᠨ 75 ᠵᠢᠯ ᠤᠨ ᠣᠢ ᠶᠢ ᠪᠠᠶᠠᠷᠯᠠᠨ ᠣᠭᠲᠣᠵᠣ᠂ ᠰᠢᠨ᠎ᠡ ᠴᠠᠭ ᠦᠶ᠎ᠡ ᠳᠤ ᠡᠷᠡᠯᠭᠡᠭᠯᠡᠨ ᠣᠷᠣᠭᠰᠢᠯᠠᠬᠤ ᠣᠮᠤᠭ ᠵᠣᠷᠢᠭ ᠢ ᠨᠢ | ᠬᠦᠪᠴᠢᠯᠡᠭᠰᠡᠨ ᠪᠠᠶᠢᠨ᠎ᠠ᠃ | | | | | | | | | | | | | | | | | | ᠰᠣᠶᠣᠯᠲᠣ᠂ ᠸᠠᠩ ᠵᠢᠶᠦ᠋ᠨ ᠵᠢᠶᠧ᠂ ᠠᠯᠠᠳ᠋ᠬᠠᠠᠭᠤᠯᠠ ᠵᠡᠷᠭᠡ ᠬᠤᠰᠢᠭᠤᠨ ᠤ ᠲᠦᠷᠪᠡᠨ ᠶᠡᠭᠡ ᠣᠳᠣᠷᠢᠳᠬᠤ ᠪᠠᠭ ᠤᠨ ᠣᠳᠣᠷᠢᠳᠣᠯᠭ᠎ᠠ᠂ | ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ ᠲᠠᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ | ᠴᠠᠶᠢᠨ᠎ᠠ | | |