| ᠰᠢ ᠶᠢᠨ ᠫᠢᠩ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ | ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠲᠠᠢ ᠨᠢᠭᠲᠠ ᠤᠶᠠᠯᠳᠤᠭᠤᠯᠵᠥ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠠᠶᠢᠭᠤᠯᠤᠨ ᠪᠦᠲᠦᠬᠡᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ ᠲᠡᠶᠢᠰᠢ ᠯᠠᠪᠳᠠᠭᠤᠨ ᠪᠠᠲᠤᠲᠠᠶ ᠤᠷᠤᠭᠰᠢᠯᠠᠬᠤ ᠬᠡᠷᠡᠭᠳᠡᠢ | ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ | ᠠᠵᠢᠯᠲᠠᠳ ᠲᠤ ᠪᠠᠶᠠᠷ ᠤᠨ ᠡᠳᠦᠷ ᠤᠨ ᠵᠦᠩᠨᠡᠯ ᠪᠠ ᠴᠢᠩ ᠰᠡᠳᠭᠢᠯ ᠤᠨ ᠮᠡᠨᠳᠦᠴᠢᠯᠡᠯ ᠬᠦᠷᠬᠡᠪᠡ | ᠯᠢ ᠴᠢᠶᠠᠩ ᠬᠤᠷᠠᠯ ᠢ ᠡᠷᠬᠢᠯᠡᠵᠦ ᠵᠤᠤ ᠯᠤ᠋ ᠵᠢᠢ ᠸᠠᠩ ᠬᠣ᠋ ᠨᠢᠩ ᠼᠠᠢ ᠴᠢ ᠯᠢ ᠰᠢ ᠣᠷᠣᠯᠴᠠᠵᠤ ᠳ᠋ᠢᠩ ᠰᠢᠤᠸᠠᠢ ᠰᠢᠶᠠᠩ ᠶᠠᠷᠢᠶ᠎ᠠ ᠲᠠᠯᠪᠢᠵᠠᠢ | | | | | | 9 ᠰᠠᠷ᠎ᠠ ᠶᠢᠨ 9 ᠠᠴᠠ 10 ᠤ ᠡᠳᠦᠷ ᠪᠣᠯᠲᠠᠯ᠎ᠠ᠂ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ | ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠦᠩᠨᠡᠯ ᠪᠠ ᠴᠢᠩ ᠰᠡᠳᠭᠢᠯ ᠤᠨ ᠮᠡᠨᠳᠦᠴᠢᠯᠡᠯ | ᠬᠦᠷᠬᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠤᠢ ᠫᠧᠩ ᠰᠡᠬᠦᠳᠡᠷᠯᠡᠪᠡ | | | | | | 9 ᠰᠠᠷ᠎ᠠ ᠶᠢᠨ 9 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ | ᠪᠡᠬᠡᠵᠢᠩ ᠳᠤ ᠳᠥᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ | ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠣᠯᠴᠠᠬᠤ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠪᠡ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠬᠦᠳᠡᠷᠯᠡᠪᠡ | | | | ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ 9 ᠠᠴᠠ 10 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ | ᠪᠦᠲᠦᠬᠡᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠨ ᠮᠥᠷᠥᠭᠡᠳᠦᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ | ᠡᠷᠡᠮᠡᠯᠵᠡᠯ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠶᠢᠨ ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠮᠥᠨ᠂ ᠡᠷᠬᠡᠪᠰᠢ ᠲᠣᠭᠲᠠᠭᠰᠠᠨ ᠬᠠᠷᠠᠯᠲᠠ ᠲᠡᠶᠢᠰᠢ ᠯᠠᠪᠳᠠᠭᠤᠨ ᠪᠠᠲᠤᠲᠠᠶ ᠤᠷᠤᠭᠰᠢᠯᠠᠬᠤ ᠬᠡᠷᠡᠭᠲᠡᠶ ᠬᠡᠵᠥ | ᠴᠢᠬᠤᠯᠠᠴᠢᠯᠠᠪᠠ᠃ | 9 ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ ᠳᠥᠴᠢᠳᠡᠬᠢ ᠪᠠᠭᠰᠢ ᠶᠢᠨ ᠪᠠᠶᠠᠷ ᠤᠨ ᠡᠳᠤᠷ ᠪᠣᠯᠤᠨ᠎ᠠ᠃ ᠰᠢ ᠶᠢᠨ ᠫᠢᠩ ᠨᠠᠮ ᠤᠨ ᠲᠥᠪ | ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ | ᠵᠦᠩᠨᠡᠯ ᠪᠠ ᠴᠢᠩ ᠰᠡᠳᠭᠢᠯ ᠤᠨ ᠮᠡᠨᠳᠦᠴᠢᠯᠡᠯ ᠬᠦᠷᠬᠡᠪᠡ᠃ | ᠯᠢ ᠴᠢᠶᠠᠩ ᠬᠤᠷᠠᠯ ᠢ ᠡᠷᠬᠢᠯᠡᠵᠡᠢ᠃ ᠵᠤᠤ ᠯᠤ᠋ ᠵᠢᠢ᠂ ᠸᠠᠩ ᠬᠤ ᠨᠢᠩ᠂ ᠼᠠᠢ ᠴᠢ᠂ ᠯᠢ ᠰᠢ ᠬᠤᠷᠠᠯ ᠳᠤ ᠣᠷᠣᠯᠴᠠᠪᠠ᠃ ᠳ᠋ᠢᠩ ᠰᠢᠤᠸᠠᠢ ᠰᠢᠶᠠᠩ | ᠳ᠋ᠦᠩᠨᠡᠯᠲᠡ ᠶᠢᠨ ᠶᠠᠷᠢᠶ᠎ᠠ ᠲᠠᠯᠪᠢᠵᠡᠢ᠃ | ᠰᠢ ᠶᠢᠨ ᠫᠢᠩ ᠶᠠᠷᠢᠶᠠᠨ ᠳᠠᠭᠠᠨ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ | ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ᠂ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠭᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ 2035 ᠣᠨ ᠪᠣᠯᠬᠤ ᠳᠤ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠬᠡᠬᠦ ᠲᠡᠮᠡᠴᠡᠬᠦ ᠬᠠᠷᠠᠯᠲᠠ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠠᠵᠢᠯ ᠳᠠᠬᠢ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠲᠠᠰᠤᠷᠠᠯᠲᠠ ᠥᠬᠡᠶ ᠠᠬᠢᠭᠤᠯᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠤᠯᠬᠤ᠂ | ᠪᠠᠶᠢᠷᠢᠰᠢᠯ ᠤᠨ ᠴᠢᠨᠠᠷᠲᠠᠶ ᠬᠤᠪᠢᠷᠠᠯᠲᠠ ᠭᠠᠷᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ | ᠯᠠᠪᠳᠠᠭᠤᠨ ᠪᠠᠲᠤᠲᠠᠶ ᠠᠯᠬᠤᠮ ᠢ ᠠᠯᠬᠤᠵᠠᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠪᠢᠳᠡᠨ ᠤ ᠪᠠᠶᠢᠭᠤᠯᠤᠨ ᠪᠦᠲᠦᠬᠡᠬᠦ ᠬᠡᠵᠥ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ | ᠲᠦᠷᠦ ᠶᠢᠨ ᠬᠦᠲᠦᠯᠦᠨ ᠳᠠᠭᠠᠭᠤᠯᠬᠤ ᠬᠦᠴᠦᠨ᠂ ᠴᠢᠳᠠᠪᠤᠷᠢᠲᠠᠨ ᠤ ᠦᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠠᠬᠢ | ᠨᠥᠯᠥᠭᠡᠯᠡᠬᠦ ᠬᠦᠴᠦᠨ ᠲᠠᠢ ᠪᠠᠶᠢᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠᠯ ᠵᠤᠬᠢᠨ᠎ᠠ | ᠬᠡᠵᠥ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ | ᠪᠣᠯᠤᠨ᠎ᠠ᠂ ᠪᠢᠳᠠ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠶᠣᠰᠣ ᠰᠤᠷᠲᠠᠬᠤᠨ | ᠤᠶᠤᠨ ᠤᠬᠠᠭᠠᠨ ᠪᠡᠶ᠎ᠡ ᠮᠠᠬᠠᠪᠣᠳ ᠭᠤ ᠤᠠ᠋ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠭᠴᠢ | ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠪᠠᠷ ᠭᠤᠣᠯᠳᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠰᠢᠰᠲ᠋ᠧᠮ ᠤᠨ | ᠦᠵᠡᠯᠲᠡ ᠶᠢ ᠪᠠᠷᠢᠮᠲᠠᠯᠠᠨ ᠬᠡᠷᠡᠭᠯᠡᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ᠂ ᠮᠡᠳᠡᠯᠭᠡ ᠶᠢ ᠰᠤᠷᠤᠯᠴᠠᠬᠤ ᠪᠠ ᠪᠦᠬᠦ ᠲᠠᠯ᠎ᠠ ᠪᠠᠷ ᠬᠥᠭᠵᠢᠭᠦᠯᠬᠦ᠂ ᠴᠢᠳᠠᠪᠤᠷᠢᠲᠠᠨ ᠬᠥᠮᠦᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ | ᠂ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ | ᠪᠠ ᠤᠯᠠᠨ ᠤᠯᠤᠰ ᠤᠨ ᠲᠤᠷᠰᠢᠯᠭ᠎ᠠ ᠪᠠᠷ ᠲᠤᠯᠢᠳᠠᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃ | | ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ | ᠱᠤᠭᠤᠵᠤ ᠬᠥᠮᠦᠨ ᠢ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠲᠠᠰᠤᠷᠠᠯᠲᠠ | ᠥᠬᠡᠶ ᠴᠢᠩᠭᠠᠳᠬᠠᠨ ᠰᠠᠶᠢᠵᠢᠷᠠᠭᠤᠯᠵᠤ᠂ ᠵᠠᠯᠠᠭᠤ ᠦᠰᠪᠦᠷᠢ ᠶᠢᠨ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠮᠠᠷᠺᠰ ᠤᠨ ᠦᠵᠡᠯ ᠤᠨ | ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠢᠲᠡᠭᠡᠯ ᠪᠢᠰᠢᠷᠡᠯ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠢᠲᠡᠭᠡᠯ ᠵᠣᠷᠢᠭ ᠢ ᠨᠢ ᠪᠠᠲᠤᠳᠬᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ | ᠶᠡᠭᠡ ᠬᠦᠰᠡᠯ ᠵᠣᠷᠢᠯᠲᠠ ᠶᠢ ᠪᠣᠶ ᠪᠣᠯᠭᠠᠵᠤ᠂ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠲᠡᠮᠡᠴᠡᠭᠴᠢ ᠪᠣᠯᠭᠠᠬᠤ ᠬᠡᠷᠡᠭᠳᠡᠢ᠃ ᠰᠢᠨ᠎ᠡ ᠴᠠᠭ | ᠦᠶ᠎ᠡ ᠶᠢᠨ ᠠᠭᠤᠤ ᠶᠡᠭᠡ ᠬᠤᠪᠢᠰᠤᠯᠲᠠ ᠶᠢᠨ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠬᠡᠷᠡᠭᠯᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠡᠬᠢ | ᠪᠠᠶᠠᠯᠢᠭ ᠤᠨ ᠬᠥᠮᠦᠨ ᠢ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠦᠢᠯᠡᠳᠦᠯᠭᠡ ᠪᠠᠷ ᠬᠥᠮᠦᠨ ᠢ ᠬᠥᠮᠦᠵᠢᠭᠦᠯᠬᠦ ᠪᠠ ᠰᠦᠯᠵᠢᠶ᠎ᠡ ᠪᠠᠷ | ᠬᠥᠮᠦᠨ ᠢ ᠬᠥᠮᠦᠵᠢᠭᠦᠯᠬᠦ ᠣᠷᠣᠨ ᠵᠠᠢ ᠪᠠ ᠵᠢᠭᠰᠠᠭᠠᠯ ᠤᠨ ᠭᠠᠵᠠᠷ ᠢ ᠲᠠᠰᠤᠷᠠᠯᠳᠠ ᠦᠭᠡᠢ ᠥᠷᠭᠡᠳᠭᠡᠬᠦ ᠬᠡᠷᠡᠭᠳᠡᠢ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ | ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠦᠭᠵᠢᠯᠳᠠ ᠶᠢᠨ ᠬᠦᠳᠡᠯᠭᠡᠬᠦᠷ ᠪᠤᠯᠭᠠᠬᠤ ᠪᠠᠶᠢᠯᠳᠤᠬᠤ | ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠦᠵᠢᠭᠦᠯᠬᠦ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠦᠮᠵᠢ ᠪᠣᠯᠭᠠᠵᠤ᠂ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠬᠦ ᠠᠴᠠ ᠭᠠᠷᠳᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠶᠡᠭᠡ | ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠵᠤ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ | ᠲᠡᠭᠦᠯᠳᠡᠷᠵᠢᠭᠦᠯᠦᠨ᠂ ᠰᠠᠭᠤᠷᠢ ᠰᠢᠨᠵᠢᠯᠡᠭᠡᠨ᠂ ᠰᠢᠨ᠎ᠡ ᠪᠠᠷ ᠪᠤᠶ ᠪᠣᠯᠤᠭᠰᠠᠨ ᠰᠢᠨᠵᠢᠯᠡᠭᠡᠨ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ | ᠣᠷᠦ᠋ᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ ᠭᠡᠷᠡᠭᠳᠠᠢ᠃ ᠰᠤᠷᠭᠠᠭᠤᠯᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠩ ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠯᠢ | ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠭᠡᠷᠡᠭᠳᠠᠢ᠃ ᠠᠵᠢᠯ ᠮᠡᠷᠭᠡᠵᠢᠯ ᠪᠠ ᠡᠩ ᠤᠨ ᠬᠢ ᠠᠭᠤᠰᠤᠯᠴᠠᠭᠰᠠᠨ᠂ | ᠦᠢᠯᠡᠳᠪᠦᠷᠢᠯᠡᠯ ᠪᠠ ᠵᠢᠭᠠᠨ ᠰᠤᠷᠭᠠᠯᠲᠠ ᠠᠭᠤᠰᠤᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠲᠣᠮᠣ | ᠤᠯᠤᠰ ᠤᠨ ᠤᠷᠠᠨ ᠳᠠᠷᠬᠠᠨ᠂ ᠤᠷᠠᠨ ᠴᠢᠳᠠᠪᠤᠷᠢᠳᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠬᠦ ᠭᠡᠷᠡᠭᠳᠠᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠲᠦᠭᠡᠮᠡᠯ ᠬᠠᠷᠠᠭᠠᠯᠵᠠᠯ ᠤᠨ ᠴᠢᠨᠠᠷ᠂ ᠪᠣᠯᠬᠤᠶᠢᠴᠠ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ | ᠬᠡᠷᠡᠭᠲᠡᠢ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠬᠢ᠂ | ᠪᠦᠯᠦᠭ ᠴᠤᠬᠴᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠭᠡᠷᠡᠭᠳᠠᠢ᠃ ︽ᠬᠤᠶᠠᠷ ᠢ ᠬᠦᠩᠬᠡᠷᠡᠭᠦᠯᠬᠦ︾ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠡᠷᠡᠭᠳᠠᠢ᠃ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠠᠰᠢᠭ ᠬᠦᠷᠳᠡᠭᠡᠬᠦ ᠬᠡᠪᠴᠢᠶ᠎ᠡ ᠶᠢ | ᠥᠷᠭᠡᠳᠭᠡᠵᠦ᠂ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠭᠡᠷᠡᠭᠳᠠᠢ ᠭᠡᠵᠤ | ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠦᠮᠦᠵᠢᠯᠳᠡᠨ ᠤ ᠵᠤᠷᠢᠭ ᠰᠠᠨᠠᠭᠠᠨ ᠤ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ | ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠤᠶᠢᠵᠢᠭᠤᠯᠬᠤ | ᠬᠡᠷᠡᠭᠲᠡᠢ᠃ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ | ᠳᠡᠭᠡᠭᠰᠢᠯᠡᠭᠦᠯᠵᠦ᠂ ᠪᠠᠭᠰᠢ ᠶᠢᠨ ᠬᠥᠯᠥᠰᠥ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠨ᠂ ᠪᠠᠭᠰᠢ ᠶᠢᠨ ᠠᠵᠢᠯ ᠮᠡᠷᠭᠡᠵᠢᠯ ᠤᠨ ᠨᠡᠷ᠎ᠡ ᠬᠦᠨᠳᠦ ᠪᠠ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠠᠭᠰᠢ ᠳᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠬᠦᠷᠲᠡᠭᠡᠵᠦ᠂ ᠨᠡᠶᠢᠭᠡᠮ ᠳᠤ ᠬᠠᠮᠤᠭ ᠠᠴᠠ | ᠬᠦᠨᠳᠦᠳᠭᠡᠭᠳᠡᠬᠦ ᠠᠵᠢᠯ ᠮᠡᠷᠭᠡᠵᠢᠯ ᠤᠨ ᠨᠢᠭᠡ ᠪᠣᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠬᠡᠬᠡᠯᠳᠡ ᠶᠢ ᠭᠦᠨᠵᠡᠭᠡᠢ ᠠᠬᠢᠭᠤᠯᠵᠤ᠂ ︽ᠣᠷᠣᠭᠤᠯᠤᠨ ᠠᠪᠴᠢᠷᠠᠬᠤ︾ ᠪᠠ ︽ᠭᠠᠷᠴᠤ | ᠶᠠᠪᠤᠬᠤ︾ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠦᠷᠢᠰᠦᠯᠳᠦᠬᠦ | ᠬᠦᠴᠦᠨ ᠪᠠ ᠦᠭᠡ ᠬᠡᠯᠡᠬᠦ ᠡᠷᠬᠡ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ | ᠪᠣᠯᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠥᠷᠭᠡᠳᠭᠡᠵᠦ᠂ ᠪᠦᠬᠦ ᠪᠥᠮᠪᠥᠷᠴᠡᠭ ᠤᠨ ᠰᠤᠷᠭᠠᠨ | ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠬᠦ ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ | ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃ | ᠯᠢ ᠴᠢᠶᠠᠩ ᠬᠤᠷᠠᠯ ᠢ ᠡᠷᠭᠢᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠪᠤᠯᠤᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ | ᠦᠢᠯᠡᠰ ᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠪᠠᠶᠢᠷᠢᠰᠢᠯ ᠤᠨ ᠴᠢᠨᠠᠷᠲᠠᠶ ᠬᠤᠪᠢᠷᠠᠯᠲᠠ ᠶᠢ ᠪᠥᠬᠦ ᠲᠠᠯ᠎ᠠ ᠪᠠᠷ | ᠳ᠋ᠦᠩᠨᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠦᠨᠳᠦᠰᠦᠨ ᠠᠷᠭ᠎ᠠ ᠵᠠᠮ ᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠳᠤ ᠰᠠᠶᠢᠲᠤᠷ | ᠰᠢᠢᠳᠪᠦᠷᠢᠯᠡᠬᠦ ᠬᠡᠷᠡᠭᠲᠡᠶ ᠴᠢᠬᠤᠯᠠ ᠶᠡᠭᠡ ᠬᠠᠷᠢᠴᠠᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ | ᠰᠢᠰᠲ᠋ᠧᠮ ᠲᠠᠢ ᠪᠠᠶᠢᠷᠢᠯᠠᠭᠤᠯᠪᠠ᠃ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠨᠢ | ᠭᠦᠨ ᠭᠦᠨᠵᠡᠭᠡᠶ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ | ᠵᠢᠯᠣᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠬᠤ ᠬᠥᠲᠥᠯᠪᠦᠷᠢ ᠶᠢᠨ | ᠴᠢᠨᠠᠷᠲᠠᠶ ᠲᠤᠯᠭᠤᠷ ᠪᠢᠴᠢᠭ ᠪᠣᠯᠤᠨ᠎ᠠ᠂ ᠡᠨᠡ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠳᠠ ᠳᠤ ᠤᠷᠤᠭᠰᠢᠯᠠᠬᠤ | ᠴᠢᠭᠯᠡᠯ ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠪᠣᠳᠠᠲᠠᠢ ᠶᠢ ᠡᠷᠬᠢᠮᠯᠡᠨ᠂ | ᠪᠣᠳᠠᠲᠠᠢ ᠠᠷᠭ᠎ᠠ ᠭᠡᠮᠵᠢᠶ᠎ᠠ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠰᠤᠷᠭᠠᠨ ᠬᠥᠮᠦᠵᠢᠯ ᠤᠨ ᠬᠦᠴᠤᠷᠭᠡᠭ ᠤᠯᠤᠰ ᠤᠨ ᠪᠦᠳᠦᠭᠡᠨ | ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ | ᠴᠢᠨᠠᠷ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢᠶᠠᠷ | ᠭᠤᠶᠢᠪᠢᠰᠢ ᠥᠬᠡᠶ ᠵᠠᠮᠨᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠢ ᠰᠠᠶᠢᠲᠤᠷ ᠪᠣᠯᠪᠠᠰᠤᠷᠠᠭᠤᠯᠬᠤ ᠬᠡᠷᠡᠭᠲᠡᠢ᠃ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠣᠷᠦ᠋ᠢᠯᠠᠭᠰᠠᠨ | ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ | ᠬᠥᠲᠥᠯᠥᠨ ᠳᠠᠭᠠᠭᠤᠯᠬᠤ ᠴᠢᠬᠤᠯᠠ ᠴᠢᠳᠠᠮᠵᠢ ᠶᠢ ᠰᠠᠶᠢᠲᠤᠷ ᠪᠠᠳᠠᠷᠠᠭᠤᠯᠬᠤ ᠭᠡᠷᠡᠭᠲᠡᠢ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ | ᠲᠦᠷᠭᠡᠳᠭᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠠᠷᠠᠳ | ᠣᠯᠠᠨ ᠤ ᠰᠤᠷᠭᠠᠨ ᠬᠥᠮᠦᠵᠢᠯ ᠤᠨ ᠲᠤᠬᠠᠶ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠭᠡᠷᠡᠭᠲᠡᠢ᠃ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠦᠮᠦᠵᠢᠯᠳᠡᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠦᠷᠳᠡᠭᠡᠮᠵᠢ ᠤᠯᠭᠤᠮᠵᠢ ᠶᠢᠨ ᠪᠠᠲᠤᠯᠠᠭ᠎ᠠ ᠶᠢ | ᠴᠢᠩᠭᠠᠳᠬᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠰᠠᠭᠤᠷᠢ ᠶᠢ ᠰᠠᠶᠢᠲᠤᠷ ᠪᠠᠬᠢᠵᠢᠭᠦᠯᠬᠦ | ᠭᠡᠷᠡᠭᠲᠡᠢ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ | ᠰᠤᠷᠭᠠᠨ ᠬᠥᠮᠦᠵᠢᠯ ᠤᠨ ᠨᠡᠬᠡᠬᠡᠯᠳᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠪᠠᠶᠢᠭᠤᠯᠤᠯ | ᠲᠣᠭᠲᠠᠴᠠ ᠶᠢ ᠰᠠᠶᠢᠲᠤᠷ ᠪᠠᠶᠢᠭᠤᠯᠬᠤ ᠭᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠬᠠᠳᠠᠭᠠᠰᠤ ᠬᠠᠳᠠᠬᠤ | ᠵᠣᠷᠢᠭ ᠰᠠᠨᠠᠭ᠎ᠠ ᠪᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠤᠯᠤᠭᠠᠢ ᠳᠠᠭᠠᠨ ᠰᠢᠩᠭᠡᠬᠡᠵᠦ ᠰᠡᠳᠭᠢᠯ ᠳᠡᠭᠡᠨ ᠬᠠᠳᠠᠩᠰᠢᠭᠤᠯᠵᠤ᠂ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠯᠢᠶᠣᠤᠨᠢᠩ ᠮᠤᠵᠢ᠂ ᠱᠠᠩᠬᠠᠢ ᠬᠤᠲᠠ᠂ ᠬᠤᠪᠸᠢ ᠮᠤᠵᠢ᠂ ᠭᠦᠢᠵᠧᠦ ᠮᠤᠵᠢ᠂ ᠳᠤᠮᠳᠠᠳᠤ ᠤᠯᠤᠰ ᠤᠨ | ᠡᠯᠧᠺᠲᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠡᠭᠡᠵᠢᠩ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ | ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠬᠤᠷᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠳᠥᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠪᠦᠬᠦ ᠤᠯᠤᠰ ᠤᠨ | ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ | ᠣᠷᠣᠯᠴᠠᠬᠰᠠᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠥᠯᠥᠭᠡᠯᠡᠭᠴᠢᠳ ᠲᠠᠢ ᠬᠠᠯᠠᠭᠤᠨ ᠢᠶᠠᠷ ᠭᠠᠷ ᠠᠳᠬᠤᠭᠰᠠᠨ ᠪᠥᠭᠡᠳ ᠤᠯᠠᠨ ᠲᠠᠢ | ᠬᠠᠮᠲᠤ ᠬᠡᠷᠡᠯ ᠵᠢᠷᠤᠬ ᠲᠠᠲᠠᠭᠤᠯᠵᠤ ᠳᠤᠷᠠᠰᠬᠠᠯ ᠦᠯᠡᠳᠡᠭᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ | ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ | ᠃ | ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠪᠠ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠡᠯ᠎ᠡ ᠮᠤᠵᠢ ᠣᠷᠣᠨ ᠬᠤᠲᠠ ᠪᠣᠯᠤᠨ ᠲᠦᠯᠦᠪᠯᠡᠭᠡ ᠳᠤ ᠲᠤᠰᠠᠭᠠᠷ ᠵᠢᠬᠰᠠᠭᠠᠭᠰᠠᠨ ᠬᠤᠲᠠ᠂ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠷᠠᠳ ᠤᠨ ᠪᠦᠯᠬᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ | ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ | ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ︶ | | | |