9 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠪᠦ᠋ᠳᠦ᠋ᠯᠠ ᠮᠠᠵᠢᠳ᠋ · ᠲᠤᠪᠤᠨ ᠳᠤ ᠴᠠᠬᠢᠯᠭᠠᠨ ᠴᠢᠮᠡᠭᠡ ᠶᠠᠪᠤᠭᠤᠯᠵᠤ᠂ | ᠲᠡᠭᠦᠨ ᠤ ᠪᠦᠬᠦᠳᠡ ᠨᠠᠶᠢᠷᠠᠮᠳᠠᠬᠤ ᠠᠷᠠᠳᠴᠢᠯᠠᠭᠰᠠᠨ ᠠᠯᠵᠧᠷᠢᠶ᠎ᠠ ᠠᠷᠠᠳ ᠤᠯᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠤᠩᠭᠤᠭᠳᠠᠭᠰᠠᠨ ᠳᠤ | ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠠᠯᠵᠤᠷᠢᠶᠠ ᠯᠤᠭ᠎ᠠ ᠤᠯᠠᠮᠵᠢᠯᠠᠯᠲᠦ ᠨᠦᠬᠦᠷᠰᠡᠭ ᠬᠠᠷᠢᠯᠴᠠᠭ᠎ᠠ ᠲᠠᠢ ᠶᠤᠮ᠃ ᠤᠶᠢᠷ᠎ᠠ ᠶᠢᠨ ᠵᠢᠯ ᠠᠴᠠ ᠨᠠᠭᠠᠰᠢ᠂ | ᠪᠢᠳᠡᠨ ᠤ ᠬᠠᠮᠲᠤ ᠶᠢᠨ ᠳᠠᠭᠠᠭᠤᠯᠭ᠎ᠠ ᠳᠤᠤᠷ᠎ᠠ᠂ ᠬᠤᠶᠠᠷ ᠤᠯᠤᠰ ᠤᠨ ᠬᠠᠷᠢᠯᠴᠠᠭ᠎ᠠ ᠲᠦᠷᠬᠡᠨ ᠬᠥᠭᠵᠢᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ | ᠡᠯᠪᠡᠭ ᠦᠷ᠎ᠡ ᠪᠦᠲᠦᠭᠡᠯ ᠤᠯᠵᠤ᠂ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠨᠢᠭᠲᠠ ᠵᠤᠬᠢᠴᠠᠯᠳᠤᠨ ᠬᠠᠮᠵᠢᠯᠴᠠᠵᠤ᠂ ᠤᠯᠠᠮᠵᠢᠯᠠᠯᠲᠦ ᠨᠦᠬᠦᠷᠯᠡᠯ | ᠲᠠᠰᠤᠷᠠᠯᠲᠠ ᠦᠭᠡᠢ ᠭᠦᠨᠵᠡᠭᠡᠶᠢᠷᠡᠪᠡ᠃ ᠪᠢ ᠳᠤᠮᠳᠠᠳᠤ ᠠᠯᠵᠧᠷᠢᠶ᠎ᠠ ᠶᠢᠨ ᠬᠠᠷᠢᠯᠴᠠᠭ᠎ᠠ ᠶᠢᠨ ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠡᠨᠡ ᠵᠢᠯ ᠤᠨ ᠳᠤᠮᠳᠠᠳᠤ ᠠᠯᠵᠧᠷᠢᠶ᠎ᠠ ᠶᠢᠨ ᠪᠦᠬᠦ ᠲᠠᠯ᠎ᠠ ᠶᠢᠨ | ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠠᠷ ᠠᠵᠠ ᠲᠤᠬᠢᠶᠠᠯ ᠪᠤᠯᠭᠠᠵᠤ᠂ ᠳᠤᠮᠳᠠᠳᠤ | ᠠᠯᠵᠧᠷᠢᠶ᠎ᠠ ᠶᠢᠨ ᠤᠯᠤᠰ ᠲᠦᠷᠦ ᠶᠢᠨ ᠢᠲᠡᠭᠡᠯᠴᠡᠭᠡ ᠶᠢ ᠤᠯᠠᠮ ᠨᠡᠮᠡᠭᠳᠡᠭᠦᠯᠵᠦ᠂ ᠪᠤᠳᠠᠳᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠦᠷᠭᠡᠳᠭᠡᠨ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠨᠦᠬᠦᠷᠰᠡᠭ ᠬᠠᠮᠲᠤᠷᠠᠯᠴᠠᠭᠠᠨ ᠤ ᠨᠡᠩ ᠰᠠᠷᠠᠭᠤᠯ ᠢᠷᠡᠭᠡᠳᠦᠢ ᠶᠢ ᠬᠠᠮᠲᠤ ᠪᠠᠷ ᠨᠡᠬᠡᠭᠡᠨ᠎ᠡ ᠭᠡᠵᠦ ᠵᠢᠭᠠᠵᠤ | ᠭᠠᠷᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 11 ᠤ ᠴᠠᠬᠢᠯᠭᠠᠨ ᠮᠡᠳᠡᠭᠡ︶ |