2024 ᠣᠨ ᠤ ︽ᠨᠢᠭᠡ ᠪᠦᠰᠡ ᠨᠢᠭᠡ ᠵᠠᠮ · ᠬᠡᠷᠡᠯ ᠭᠡᠭᠡ ᠶᠢᠨ ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭ᠎ᠠ ᠶᠢᠨ ᠬᠠᠷᠠᠭ᠎ᠠ ᠣᠷᠣᠭᠤᠯᠬᠤ ᠮᠡᠰᠡ ᠵᠠᠰᠠᠯ ᠡᠷᠢᠶᠡᠨ ᠬᠤᠲᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2024/9/13
   ᠴᠢ᠊ · ᠪᠠᠲᠤ ᠡᠪᠡᠳᠴᠢᠲᠡᠨ ᠢ ᠪᠤᠯᠭᠤᠭᠠᠨ ᠲᠣᠬᠤᠨᠢᠭᠤᠯᠪᠠ   9 ᠰᠠᠷ᠎ᠠ ᠶᠢᠨ 10 ᠠᠴᠠ 11 ᠤ ᠡᠳᠦᠷ ᠪᠣᠯᠲᠠᠯ᠎ᠠ᠂ 2024 ᠣᠨ ᠤ ︽ᠨᠢᠭᠡ ᠪᠦᠰᠡ ᠨᠢᠭᠡ ᠵᠠᠮ · ᠬᠡᠷᠡᠯ ᠬᠡᠬᠡ ᠶᠢᠨ ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭ᠎ᠠ ᠶᠢᠨ ᠬᠠᠷᠠᠭ᠎ᠠ ᠣᠷᠣᠭᠤᠯᠬᠤ ᠮᠡᠰᠡ ᠵᠠᠰᠠᠯ ᠡᠷᠢᠶᠡᠨ ᠬᠤᠳᠠ ᠳᠤ ᠶᠠᠪᠤᠭᠳᠠᠵᠤ᠂ ᠮᠣᠩᠭᠤᠯ ᠤᠯᠤᠰ ᠤᠨ 114 ᠴᠠᠭᠠᠨ ᠬᠠᠷᠠᠩ ᠡᠪᠡᠳᠴᠢᠲᠡᠨ ᠳᠤ ᠦᠨ᠎ᠠ ᠲᠦᠯᠦᠪᠤᠷᠢ ᠦᠭᠡᠢ ᠮᠡᠰᠡ ᠵᠠᠰᠠᠯ ᠬᠢᠵᠦ ᠥᠭᠴᠠᠢ᠃   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠴᠢ᠊ · ᠪᠠᠲᠤ ᠮᠡᠰᠡ ᠵᠠᠰᠠᠯ ᠬᠢᠭᠰᠡᠨ ᠡᠪᠡᠳᠴᠢᠲᠡᠨ ᠢ ᠪᠣᠯᠭᠤᠭᠠᠨ ᠲᠣᠬᠤᠨᠢᠭᠤᠯᠪᠠ᠃    ︽ᠨᠢᠭᠡ ᠪᠦᠰᠡ ᠨᠢᠭᠡ ᠵᠠᠮ · ᠬᠡᠷᠡᠯ ᠬᠡᠬᠡ ᠶᠢᠨ ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠰᠠᠨᠠᠭᠠᠴᠢᠯᠠᠭ᠎ᠠ ᠠᠴᠠ ᠪᠠᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠣᠯᠤᠨ ᠥᠪᠥᠷ ᠮᠣᠩᠭᠤᠯ ᠤᠨ ᠤᠮᠠᠷᠠᠰᠢ ᠨᠡᠬᠡᠬᠡᠯᠳᠡ ᠬᠢᠬᠦ ᠶᠡᠭᠡ ᠲᠠᠯ᠎ᠠ ᠳᠤ ᠠᠭᠤᠰᠤᠯᠴᠠᠵᠤ᠂ ᠤᠯᠤᠰ ᠰᠤᠨᠳᠠᠯᠠᠭᠰᠠᠨ ᠬᠥᠮᠦᠯᠢᠭ ᠦᠵᠡᠯ ᠤᠨ ᠬᠠᠮᠲᠤᠷᠠᠯᠴᠠᠭᠠᠨ ᠤ ᠳᠦᠷᠦᠯ ᠳᠡᠮᠳᠡᠭ ᠪᠣᠯᠤᠨ᠎ᠠ᠃ ᠣᠳᠣᠬᠠᠨ ᠪᠣᠯᠲᠠᠯ᠎ᠠ ᠮᠣᠩᠭᠤᠯ ᠤᠯᠤᠰ ᠤᠨ ᠨᠢᠳᠦᠨ ᠤ ᠡᠪᠡᠳᠴᠢᠲᠡᠨ ᠢ ᠨᠡᠶᠢᠲᠡ 3178 ᠬᠥᠮᠦᠨ ᠰᠢᠭᠰᠢᠨ ᠪᠠᠶᠢᠴᠠᠭᠠᠵᠤ᠂ 539 ᠡᠪᠡᠳᠴᠢᠲᠡᠨ ᠳᠤ ᠬᠠᠷᠠᠭ᠎ᠠ ᠣᠷᠣᠭᠤᠯᠬᠤ ᠦᠨ᠎ᠠ ᠲᠦᠯᠦᠪᠤᠷᠢ ᠦᠭᠡᠢ ᠮᠡᠰᠡ ᠵᠠᠰᠠᠯ ᠬᠢᠵᠦ᠂ ᠲᠡᠳᠡᠨ ᠢ ᠬᠠᠷᠠᠭ᠎ᠠ ᠲᠠᠢ ᠪᠣᠯᠭᠠᠵᠠᠢ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ