ᠡᠨᠡ ᠵᠢᠯ ᠤᠨ ᠲᠦᠷᠦᠭᠦᠦ 8 ᠰᠠᠷ᠎ᠠ ᠳᠤ ᠪᠦᠬᠦ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2024/9/13
    ᠨᠠᠮᠤᠷ ᠤᠨ ᠡᠬᠢ ᠶᠢᠨ ᠭᠤᠸᠠᠩᠳᠦ᠋ᠩ ᠤᠨ ᠵᠦᠬᠠᠢ ᠳᠤ᠂ ᠵᠦᠬᠠᠢ — ᠵᠤᠤᠴᠢᠩ ᠬᠦᠷᠬᠦ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢᠨ ᠠᠬᠤᠢ ᠲᠠᠯᠠᠪᠠᠢ ᠳᠤ ᠮᠠᠰᠢᠨ ᠮᠧᠬᠠᠨᠢᠭ ᠬᠦᠷᠴᠢᠭᠢᠨᠡᠨ ᠳᠤᠤᠭᠠᠷᠴᠤ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ 200 ᠭᠠᠷᠤᠢ ᠠᠵᠢᠯᠳᠠᠳ ᠶᠠᠭᠠᠷᠠᠯᠲᠠᠢ ᠠᠵᠢᠯᠯᠠᠵᠤ᠂ ᠪᠦᠬᠦ ᠤᠷᠲᠤ ᠨᠢ 4.5 ᠺᠢᠯᠣᠮᠧᠲᠷ ᠰᠢᠬᠠᠮ ᠾᠧ ᠵᠧᠦ ᠦᠷᠲᠡᠭᠡ ᠶᠢᠨ ᠣᠨᠴᠠ ᠶᠡᠭᠡ ᠬᠥᠭᠦᠷᠭᠡ ᠨᠢᠭᠡᠨᠲᠡ ᠳᠡᠭᠡᠳᠦ ᠬᠡᠰᠡᠭ ᠤᠨ ᠪᠦᠲᠦᠴᠡ ᠶᠢᠨ ᠪᠠᠷᠢᠯᠭ᠎ᠠ ᠶᠢᠨ ᠠᠵᠢᠯ ᠤᠨ ᠱᠠᠲᠤᠨ ᠳᠤ ᠣᠷᠣᠵᠠᠢ᠃ ᠵᠦᠬᠠᠢ — ᠵᠤᠤᠴᠢᠩ ᠬᠦᠷᠬᠦ ᠲᠦᠷᠭᠡᠨ ᠤ ᠲᠡᠮᠦᠷ ᠵᠠᠮ ᠤᠨ ᠵᠢᠷᠤᠵᠤ ᠲᠥᠯᠥᠪᠯᠡᠭᠰᠡᠨ ᠬᠤᠷᠳᠤᠴᠠ ᠨᠢ 350 ᠺᠢᠯᠣᠮᠧᠲᠷ / ᠴᠠᠭ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠦᠬᠠᠢ ᠠᠴᠠ ᠵᠤᠤᠴᠢᠩ ᠤᠨ ᠵᠡᠬᠦᠨ ᠦᠷᠳᠡᠭᠡ ᠬᠦᠷᠬᠦ ᠳᠤ ᠬᠠᠮᠤᠭ ᠤᠨ ᠬᠤᠷᠳᠤᠨ ᠳᠠᠭᠠᠨ ᠬᠠᠭᠠᠰ ᠴᠠᠭ ᠣᠷᠴᠢᠮ ᠬᠡᠷᠡᠭᠰᠡᠬᠦ ᠪᠣᠯᠤᠨ᠎ᠠ᠃   ᠡᠨᠡ ᠵᠢᠯ ᠠᠴᠠ ᠨᠠᠭᠠᠰᠢ᠂ ᠪᠥᠬᠦ ᠤᠯᠤᠰ ᠤᠨ ᠣᠯᠠᠨ ᠭᠠᠵᠠᠷ ᠤᠨ ᠲᠡᠮᠦᠷ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠦᠷᠭᠦᠯᠵᠢᠯᠡᠨ ᠰᠢᠨ᠎ᠡ ᠠᠬᠢᠴᠠ ᠲᠠᠢ ᠪᠣᠯᠪᠠ᠃ ᠰᠤᠷᠪᠤᠯᠵᠢᠯᠠᠭᠴᠢ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 ᠰᠠᠷ᠎ᠠ ᠠᠴᠠ 8 ᠰᠠᠷ᠎ᠠ ᠪᠣᠯᠲᠠᠯ᠎ᠠ᠂ ᠪᠥᠬᠦ ᠤᠯᠤᠰ ᠤᠨ ᠲᠡᠮᠦᠷ ᠵᠠᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 4775 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠣᠳᠣᠬᠢᠴᠢᠯᠠᠭᠰᠠᠨ ᠲᠡᠮᠦᠷ ᠵᠠᠮ ᠤᠨ ᠰᠠᠭᠤᠷᠢ ᠲᠦᠭᠦᠭᠡᠷᠦᠮᠵᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠪᠠ᠃8 ᠰᠠᠷ᠎ᠠ ᠳᠤ᠂ ᠨᠢᠭᠡ ᠪᠦᠯᠦᠭ ᠲᠡᠮᠦᠷ ᠵᠠᠮ ᠤᠨ ᠲᠥᠷᠥᠯ ᠵᠦᠢᠯ ᠨᠡᠪᠲᠡᠷᠡᠭᠰᠡᠨ ᠪᠤᠶᠤ ᠡᠵᠡᠩᠨᠡᠯᠲᠡ ᠪᠠᠨ ᠡᠬᠢᠯᠡᠭᠦᠯᠬᠦ ᠪᠠᠷ ᠪᠣᠶ᠄  ᠰᠧᠴᠣᠸᠠᠨ — ᠬᠥᠬᠡᠨᠠᠭᠤᠷ ᠬᠥᠷᠬᠦ ᠲᠡᠮᠦᠷ ᠵᠠᠮ ᠤᠨ ᠵᠧᠨᠵᠢᠶᠠᠩ ᠪᠣᠭᠤᠮᠲᠠ ᠠᠴᠠ ᠬᠤᠸᠠᠩ ᠱᠧᠩ ᠪᠣᠭᠤᠮᠲᠠ ᠬᠥᠷᠬᠦ ᠬᠡᠰᠡᠭ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠵᠦ᠂ ᠠᠶᠠᠨᠴᠢᠳ ᠤᠨ ᠬᠤᠸᠠᠩ ᠯᠦᠩ᠂ ᠵᠢᠦ ᠵᠠᠶ ᠭᠸᠤ ᠵᠡᠷᠭᠡ ᠠᠯᠳᠠᠷᠲᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠣᠴᠢᠬᠤ ᠳᠤ ᠲᠦᠢᠯ ᠤᠨ ᠶᠡᠭᠡ ᠲᠥᠬᠦᠮ ᠦᠵᠡᠭᠦᠯᠪᠡ︔ ᠰᠢᠤᠸᠠᠨ ᠴᠧᠩ — ᠵᠶᠢ ᠰᠢ ᠬᠦᠷᠬᠦ ᠲᠦᠷᠭᠡᠨ ᠤ ᠲᠡᠮᠦᠷ ᠵᠠᠮ᠂ ᠪᠤᠭᠤᠲᠤ — ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠬᠤᠢ ᠨᠦᠩ ᠠᠴᠠ ᠢᠷᠭᠠᠢ ᠬᠦᠷᠬᠦ ᠬᠡᠰᠡᠭ᠂ ᠯᠦᠩ ᠶᠠᠨ — ᠯᠦᠩ ᠴᠤᠸᠠᠨ ᠬᠦᠷᠬᠦ ᠲᠦᠷᠭᠡᠨ ᠤ ᠲᠡᠮᠦᠷ ᠵᠠᠮ ᠤᠨ ᠮᠧᠢ ᠵᠧᠦ ᠶᠢᠨ ᠪᠠᠷᠠᠭᠤᠨ ᠠᠴᠠ ᠯᠦᠩ ᠴᠤᠸᠠᠨ ᠤ ᠪᠠᠷᠠᠭᠤᠨ ᠦᠷᠳᠡᠭᠡ ᠬᠦᠷᠬᠦ ᠬᠡᠰᠡᠭ᠂ ᠴᠦᠩᠴᠢᠩ — ᠺᠦᠨᠮᠢᠩ ᠬᠦᠷᠬᠦ ᠲᠦᠷᠭᠡᠨ ᠤ ᠲᠡᠮᠦᠷ ᠵᠠᠮ ᠤᠨ ᠴᠦᠩᠴᠢᠩ ᠤᠨ ᠪᠠᠷᠠᠭᠤᠨ ᠠᠴᠠ ᠢᠪᠢᠨ ᠤ ᠵᠡᠭᠦᠨ ᠦᠷᠳᠡᠭᠡ ᠬᠦᠷᠬᠦ ᠬᠡᠰᠡᠭ ᠲᠤᠷᠰᠢᠨ ᠠᠵᠢᠯᠯᠠᠵᠤ ᠡᠬᠢᠯᠡᠪᠡ᠃   ᠱᠠᠨᠰᠢ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠳᠥᠷᠪᠡᠳᠦᠭᠡᠷ ᠲᠣᠪᠴᠢᠶ᠎ᠠ ᠠᠴᠠ ᠪᠥᠲᠥᠭᠡᠨ ᠪᠠᠶᠢᠭᠤᠯᠤᠭᠰᠠᠨ ᠶᠠᠨ ᠠᠨ — ᠲᠡᠮᠡᠭᠡᠲᠤ ᠬᠦᠷᠬᠦ ᠲᠦᠷᠭᠡᠨ ᠤ ᠲᠡᠮᠦᠷ ᠵᠠᠮ ᠤᠨ ᠲᠦᠩ ᠪᠠᠶ ᠶᠤᠸᠠᠨ 3 ᠨᠤᠮᠧᠷᠲᠤ ᠨᠦᠬᠡᠨ ᠵᠠᠮ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠠᠭᠢᠪᠠ᠃ ᠲᠦᠩ ᠪᠠᠢ ᠶᠤᠸᠠᠨ 3 ᠨᠤᠮᠧᠷᠲᠤ ᠨᠦᠬᠡᠨ ᠵᠠᠮ ᠤᠨ ᠪᠦᠬᠦ ᠤᠷᠳᠤ ᠨᠢ ᠪᠠᠷᠤᠭ 3014  ᠮᠧᠲᠷ ᠪᠠᠶᠢᠵᠤ᠂ ᠨᠦᠢᠲᠠᠨ ᠴᠥᠮᠥᠷᠡᠬᠦ ᠴᠢᠨᠠᠷᠲᠠᠢ ᠰᠢᠷ᠎ᠠ ᠬᠥᠷᠥᠰᠥᠲᠦ ᠣᠷᠣᠨ ᠢᠶᠠᠷ ᠥᠩᠭᠡᠷᠡᠵᠦ᠂ ᠪᠠᠷᠢᠯᠭ᠎ᠠ ᠶᠢᠨ ᠠᠵᠢᠯ ᠤᠨ ᠬᠦᠴᠢᠷᠳᠡᠯ ᠶᠡᠭᠡ᠂ ᠪᠦᠬᠦ ᠱᠤᠭᠤᠮ ᠤᠨ ᠭᠤᠣᠯᠳᠠᠯᠭ᠎ᠠ ᠲᠠᠢ ᠬᠦᠴᠢᠷᠳᠡᠯ ᠲᠠᠢ ᠡᠵᠡᠮᠳᠡᠬᠦ ᠴᠢᠨᠠᠷᠲᠠᠢ ᠢᠨᠵᠧᠨᠧᠷᠢᠩ ᠪᠣᠯᠤᠨ᠎ᠠ︔ ᠵᠢᠶᠠᠩᠰᠦ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠ ᠵᠢᠰᠦᠳᠦᠭᠡᠷ ᠲᠣᠪᠴᠢᠶ᠎ᠠ ᠠᠴᠠ ᠳᠠᠭᠠᠭᠠᠴᠢᠯᠠᠨ ᠪᠠᠶᠢᠭᠤᠯᠤᠭᠰᠠᠨ ᠨᠠᠨᠨᠢᠩ — ᠬᠤᠸᠠᠢ ᠠᠨ ᠬᠦᠷᠬᠦ ᠬᠤᠲᠠ ᠶᠢᠨ ᠬᠤᠭᠤᠷᠣᠨᠳᠣᠬᠢ ᠲᠡᠮᠦᠷ ᠵᠠᠮ ᠤᠨ ᠬᠤᠸᠠᠩ ᠯᠧᠣ — ᠬᠤᠩ ᠽᠤ᠋ ᠬᠦᠷᠬᠦ ᠬᠤᠤᠰ ᠱᠤᠭᠤᠮ ᠤᠨ ᠣᠨᠴᠠ ᠶᠡᠭᠡ ᠬᠥᠭᠦᠷᠭᠡ ᠶᠢ ᠯᠦᠩ ᠰᠢᠤᠢ ᠭᠠᠩ ᠭᠠᠷᠠᠮ ᠢ ᠰᠤᠨᠳᠠᠯᠠᠭᠰᠠᠨ ᠦᠷᠭᠦᠯᠵᠢᠯᠡᠭᠰᠡᠨ ᠨᠢᠷᠤᠭᠤ ᠶᠢᠨ ᠤᠷᠤᠭᠰᠢᠲᠠᠶ ᠨᠡᠶᠢᠯᠡᠭᠦᠯᠪᠡ᠃ ᠬᠤᠣᠰ ᠱᠤᠭᠤᠮ ᠤᠨ ᠣᠨᠴᠠ ᠶᠡᠭᠡ ᠬᠥᠭᠦᠷᠭᠡ ᠶᠢᠨ ᠪᠦᠬᠦ ᠤᠷᠳᠤ ᠨᠢ 29 ᠺᠢᠯᠤᠮᠤᠳ᠋ᠷ ᠰᠢᠬᠠᠮ ᠪᠤᠢ᠂ ᠡᠭᠦᠨ ᠳᠤ ᠯᠦᠩ ᠰᠢᠤᠢ ᠭᠠᠩ ᠭᠠᠷᠠᠮ ᠢ ᠰᠤᠨᠳᠠᠯᠠᠭᠰᠠᠨ ᠦᠷᠭᠦᠯᠵᠢᠯᠡᠭᠰᠡᠨ ᠨᠢᠷᠤᠭᠤ ᠪᠣᠯ ᠪᠦᠬᠦ ᠱᠤᠭᠤᠮ ᠤᠨ ᠠᠩᠬ᠎ᠠ ᠤᠳᠠᠭ᠎ᠠ ᠨᠡᠶᠢᠯᠡᠭᠦᠯᠦᠭᠰᠡᠨ ᠦᠷᠭᠦᠯᠵᠢᠯᠡᠭᠰᠡᠨ ᠨᠢᠷᠤᠭᠤ ᠪᠠᠶᠢᠵᠤ᠂ ᠳᠠᠷᠠᠭᠠᠴᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃    ᠵᠧᠵᠢᠶᠠᠩ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠨᠢᠭᠡᠳᠦᠭᠡᠷ ᠲᠣᠪᠴᠢᠶ᠎ᠠ ᠠᠴᠠ ᠳᠠᠭᠠᠭᠠᠴᠢᠯᠠᠨ ᠪᠠᠶᠢᠭᠤᠯᠤᠭᠰᠠᠨ ᠴᠢᠦᠢ ᠵᠧᠣ — ᠯᠢ ᠱᠦᠢ ᠬᠦᠷᠬᠦ ᠲᠡᠮᠦᠷ ᠵᠠᠮ ᠤᠨ ᠴᠢᠦ᠋ᠵᠢᠶᠠᠩ ᠮᠥᠷᠡᠨ ᠤ ᠣᠨᠴᠠ ᠶᠡᠭᠡ ᠬᠥᠭᠦᠷᠭᠡ ᠤᠰᠤᠨ ᠳᠡᠭᠡᠷᠡᠬᠢ ᠪᠠᠷᠢᠯᠭ᠎ᠠ ᠶᠢᠨ ᠱᠠᠲᠤᠨ ᠳᠤ ᠣᠷᠣᠪᠠ᠃ ᠴᠢᠦ᠋ᠵᠢᠶᠠᠩ ᠮᠥᠷᠡᠨ ᠤ ᠣᠨᠴᠠ ᠶᠡᠭᠡ ᠬᠥᠭᠦᠷᠭᠡ ᠶᠢᠨ ᠪᠥᠬᠦ ᠣᠷᠳᠣ ᠨᠢ ᠪᠠᠷᠤᠭ 10.6 ᠺᠢᠯᠣᠮᠧᠲᠷ ᠪᠠᠶᠢᠵᠤ᠂ ᠱᠠᠩᠬᠠᠶ — ᠺᠦᠨᠮᠢᠩ ᠬᠥᠷᠬᠦ ᠲᠡᠮᠦᠷ ᠵᠠᠮ᠂ ᠬᠠᠩᠵᠧᠤ — ᠶᠢᠨ ᠬᠤᠸᠠ — ᠴᠢᠦᠶ ᠵᠧᠣ ᠬᠥᠷᠬᠦ ᠲᠦᠷᠭᠡᠨ ᠤ ᠵᠠᠰᠠᠮᠠᠯ ᠵᠠᠮ ᠵᠡᠷᠭᠡ ᠨᠢᠭᠡᠨᠲᠡ ᠪᠠᠶᠢᠭ᠎ᠠ ᠱᠤᠭᠤᠮ ᠪᠠ ᠴᠢᠦ᠋ᠵᠢᠶᠠᠩ ᠮᠥᠷᠡᠨ ᠤ ᠠᠶᠠᠯᠠᠯ ᠤᠨ ᠵᠠᠮ ᠢ ᠰᠤᠨᠳᠠᠯᠠᠵᠤ᠂ ᠴᠢᠦᠢ ᠵᠧᠣ — ᠯᠢ ᠱᠦᠢ ᠬᠦᠷᠬᠦ ᠲᠡᠮᠦᠷ ᠵᠠᠮ ᠤᠨ ᠴᠢᠦᠶ ᠵᠧᠣ ᠠᠴᠠ ᠰᠥᠩ ᠶᠠᠩ ᠬᠥᠷᠬᠦ ᠬᠡᠰᠡᠭ ᠤᠨ ᠪᠥᠬᠦ ᠱᠤᠭᠤᠮ ᠤᠨ ᠬᠠᠮᠤᠭ ᠤᠨ ᠣᠷᠳᠣ ᠬᠥᠭᠦᠷᠭᠡ ᠪᠣᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ