ᠤᠶᠢᠷ᠎ᠠ ᠳᠤ᠂ ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ | ᠲᠠᠪᠴᠠᠩ ᠨᠢ ᠵᠢᠵᠢᠭᠦᠷ ᠬᠠᠤᠯᠢᠴᠢ ᠶᠢᠨ ᠨᠡᠪᠲᠡᠷᠡᠯᠴᠡᠬᠦ ᠤᠷ᠎ᠠ ᠮᠡᠷᠭᠡᠵᠢᠯ ᠢ ᠨᠢ ᠳᠡᠭᠡᠭᠰᠢᠯᠡᠭᠦᠯᠤᠨ᠂ ᠠᠵᠢᠯ ᠤᠨ ᠳᠠᠷᠤᠭᠠᠰᠤ ᠶᠢ ᠨᠢ ᠬᠥᠩᠭᠡᠷᠡᠭᠦᠯᠵᠦ᠂ | ᠠᠵᠢᠯ ᠤᠨ ᠦᠷ᠎ᠡ ᠪᠦᠲᠦᠮᠵᠢ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠶᠢᠨ ᠲᠥᠯᠥᠭᠡ ︽ᠨᠡᠪᠲᠡᠷᠡᠯᠴᠡᠬᠦ ᠤᠷ᠎ᠠ ᠮᠡᠷᠭᠡᠵᠢᠯ ᠢ | ᠪᠡᠶᠡᠴᠢᠯᠡᠨ ᠣᠶᠢᠯᠠᠭᠠᠭᠤᠯᠬᠤ ᠮᠠᠶ᠋ᠢᠭ ᠢᠶᠠᠷ ᠪᠦᠯᠬᠦᠮ ᠨᠡᠶᠢᠲᠡ ᠳᠤ ᠬᠠᠪᠰᠤᠷᠤᠨ ᠵᠢᠯᠤᠭᠤᠳᠤᠯᠭ᠎ᠠ ᠬᠢᠬᠦ︾ ᠲᠤᠰᠬᠠᠢ ᠰᠡᠳᠦᠪᠲᠦ ᠪᠣᠯᠪᠠᠰᠤᠷᠠᠯ ᠢ ᠡᠷᠭᠢᠯᠡᠪᠡ᠃ | | ᠪᠤᠯᠪᠠᠰᠤᠷᠠᠯ ᠠᠴᠠ ᠤᠯᠤᠰ ᠤᠨ ᠬᠤᠶᠠᠳᠤᠭᠠᠷ ᠳᠡᠰ ᠤᠨ ᠵᠥᠪᠯᠡᠯᠭᠡ ᠥᠭᠭᠦᠭᠴᠢ ᠶᠢ ᠲᠤᠰᠬᠠᠶᠢᠯᠠᠨ ᠤᠷᠢᠵᠤ ᠲᠤᠬᠠᠢ ᠶᠢᠨ ᠲᠠᠯᠠᠪᠤᠷ ᠲᠧ | ᠵᠢᠯᠣᠭᠤᠳᠤᠯᠭ᠎ᠠ ᠬᠢᠯᠭᠡᠵᠦ᠂ ᠪᠦᠯᠬᠦᠮ ᠨᠡᠶᠢᠲᠡ ᠳᠤ ᠬᠠᠪᠰᠤᠷᠤᠨ ᠵᠢᠯᠤᠭᠤᠳᠬᠤ ᠬᠡᠯᠪᠡᠷᠢ ᠪᠠᠷ ᠲᠠᠪᠴᠠᠩ ᠨᠢᠭᠡᠪᠦᠷᠢ ᠶᠢᠨ ᠵᠢᠵᠢᠭᠦᠷ ᠬᠠᠤᠯᠢᠴᠢ ᠶᠢ | ᠨᠡᠪᠲᠡᠷᠡᠯᠴᠡᠬᠦ ᠶᠠᠪᠤᠴᠠ ᠳᠤ ᠤᠷᠤᠯᠴᠠᠭᠤᠯᠤᠨ᠂ ᠪᠤᠲᠠᠲᠠᠢ ᠨᠡᠪᠲᠡᠷᠡᠯᠴᠡᠬᠦ ᠶᠠᠪᠤᠴᠠ ᠲᠤᠮᠲᠠᠬᠢ ᠬᠠᠷᠰᠢ ᠰᠠᠭᠠᠳ ᠵᠢᠴᠢ ᠡᠲᠡᠭᠡᠷ ᠠᠰᠠᠭᠤᠳᠠᠯ ᠢ ᠬᠡᠷᠬᠢᠨ | ᠪᠦᠲᠦᠮᠵᠢᠲᠡᠶ ᠰᠶᠢᠳᠪᠦᠷᠢᠯᠡᠬᠦ ᠲᠤᠬᠠᠢ ᠪᠤᠲᠠᠲᠦ ᠦᠢᠯᠡᠲᠦᠯᠭᠡ ᠶᠢᠨ ᠳᠠᠶᠢᠯᠤᠮᠵᠢ ᠬᠢᠪᠡ᠃ ᠡᠶᠢᠮᠦᠷᠬᠦᠦ ᠪᠡᠶᠡᠴᠢᠯᠠᠨ ᠣᠶᠢᠯᠠᠭᠠᠬᠤ ᠮᠠᠶ᠋ᠢᠭ ᠤᠨ ᠰᠤᠷᠤᠯᠴᠠᠬᠤ | ᠠᠷᠭ᠎ᠠ ᠮᠠᠶ᠋ᠢᠭ ᠨᠢ ᠪᠤᠯᠪᠠᠰᠤᠷᠠᠯ ᠳᠤ ᠤᠷᠤᠯᠴᠠᠬᠰᠠᠳ ᠢ ᠨᠡᠪᠲᠡᠷᠡᠯᠴᠡᠬᠦ ᠶᠢᠨ ᠴᠢᠬᠤᠯᠠ ᠴᠢᠨᠠᠷ ᠢ ᠨᠡᠩ ᠭᠦᠨᠵᠡᠭᠡᠢ ᠣᠶᠢᠯᠠᠭᠠᠭᠤᠯᠵᠤ᠂ ᠬᠠᠤᠯᠢᠴᠢ ᠨᠠᠷ ᠲᠤ | ᠨᠡᠩ ᠤᠯᠠᠨ ᠨᠡᠪᠲᠡᠷᠡᠯᠴᠡᠬᠦ ᠤᠷ᠎ᠠ ᠳᠡᠮ ᠢ ᠡᠵᠡᠮᠰᠢᠭᠦᠯᠪᠡ᠃ ᠪᠣᠯᠪᠠᠰᠤᠷᠠᠯ ᠤᠨ ᠶᠠᠪᠤᠴᠠ ᠳᠤ ᠤᠯᠠᠨ ᠢᠶᠠᠷ ᠢᠶᠠᠨ ᠢᠳᠡᠪᠬᠢᠲᠡᠢ ᠣᠷᠣᠯᠴᠠᠨ᠂ ᠬᠠᠷᠢᠯᠴᠠᠨ | ᠰᠤᠷᠤᠯᠴᠠᠵᠤ᠂ ᠬᠠᠮᠲᠤ ᠪᠠᠷ ᠲᠠᠪᠰᠢᠪᠠ᠃ ᠪᠣᠯᠪᠠᠰᠤᠷᠠᠯ ᠨᠢ ᠬᠠᠤᠯᠢᠴᠢᠳ ᠤᠨ ᠨᠡᠪᠲᠡᠷᠡᠯᠴᠡᠬᠦ ᠤᠷ᠎ᠠ ᠮᠡᠷᠭᠡᠵᠢᠯ ᠢ ᠴᠢᠩᠭᠠᠷᠠᠭᠤᠯᠤᠭᠰᠠᠨ ᠢᠶᠠᠷ ᠪᠠᠷᠠᠬᠤ | ᠦᠭᠡᠢ᠂ ᠪᠦᠯᠬᠦᠮ ᠤᠨ ᠬᠤᠭᠤᠷᠣᠨᠳᠣᠬᠢ ᠬᠠᠮᠵᠢᠯᠴᠠᠭ᠎ᠠ ᠶᠢ ᠴᠤ ᠳᠡᠭᠡᠭᠰᠢᠯᠡᠭᠦᠯᠪᠡ᠃ | ᠲᠣᠰ ᠪᠣᠯᠪᠠᠰᠤᠷᠠᠯ ᠢᠶᠠᠷ ᠳᠡᠮᠵᠢᠨ ᠵᠢᠵᠢᠭᠦᠷ ᠬᠠᠤᠯᠢᠴᠢ ᠨᠢᠭᠡᠪᠦᠷᠢ ᠰᠡᠳᠬᠢᠴᠡ ᠵᠦᠢ ᠶᠢᠨ ᠮᠡᠳᠡᠯᠭᠡ ᠶᠢ ᠭᠦᠨᠵᠡᠭᠡᠢ ᠣᠶᠢᠯᠠᠭᠠᠭᠰᠠᠨ ᠢᠶᠠᠷ ᠪᠠᠷᠠᠬᠤ ᠦᠭᠡᠢ | ᠪᠠᠰᠠ ᠤᠷᠮ᠎ᠠ ᠰᠡᠳᠬᠢᠯᠭᠡ ᠶᠢᠨ ᠳᠠᠷᠤᠯᠲᠠ ᠶᠢ ᠨᠢ ᠲᠠᠶᠢᠯᠤᠨ ᠲᠠᠶᠢᠳᠬᠤᠷᠠᠭᠤᠯᠵᠤ᠂ ᠬᠠᠯᠠᠮᠰᠢᠯ ᠤᠲᠠᠰᠤᠨ ᠤ ᠵᠢᠵᠢᠭᠦᠷ ᠬᠠᠤᠯᠢᠴᠢ ᠶᠢᠨ ᠤᠷᠮ᠎ᠠ | ᠰᠡᠳᠬᠢᠯᠭᠡ ᠶᠢ ᠨᠠᠩ ᠲᠣᠭᠲᠠᠭᠤᠨ ᠪᠣᠯᠭᠠᠵᠤ᠂ ᠲᠡᠳᠡᠨ ᠤ ᠠᠵᠢᠯ ᠤᠨ ᠥᠷᠲᠡᠭ ᠤᠨ ᠮᠡᠳᠡᠷᠡᠮᠵᠢ ᠶᠢ ᠳᠡᠭᠡᠭᠰᠢᠯᠡᠭᠦᠯᠦᠭᠰᠡᠨ ᠪᠥᠭᠡᠳ ᠥᠪᠥᠷ ᠮᠣᠩᠭᠤᠯ ᠤᠨ | ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠤᠨ ᠠᠵᠢᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠪᠡ᠃ |