ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠵᠦ᠂ ᠰᠢᠨ᠎ᠡ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ ᠬᠥᠮᠦᠰ ᠢ ᠦᠪᠡᠳᠡᠭᠰᠢ ᠶᠡᠭᠡ ᠪᠠᠷ | ᠬᠥᠬᠢᠭᠦᠯᠦᠨ ᠰᠠᠶᠢᠰᠢᠶᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ ᠠᠷᠪᠠᠨ | ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ | ᠨᠢᠭᠡᠳᠦᠭᠡᠷ ᠤᠳᠠᠭ᠎ᠠ ᠶᠢᠨ ᠬᠤᠷᠠᠯ ᠤᠨ ᠲᠣᠭᠲᠠᠭᠠᠯ ᠢ ᠦᠨᠳᠦᠰᠦᠯᠡᠨ ᠳᠣᠣᠷ᠎ᠠ ᠵᠢᠭᠰᠠᠭᠠᠭᠰᠠᠨ ᠬᠥᠮᠦᠰ ᠲᠤ ᠤᠯᠤᠰ ᠤᠨ ᠭᠠᠪᠢᠶᠠᠨ ᠲᠡᠮᠳᠡᠭ᠂ | ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ᠄ | ᠨᠢᠭᠡ᠂ ᠸᠠᠩ ᠶᠦᠩ ᡁᠢ᠂ ᠸᠠᠩ ᠵᠧᠨ ᠢ᠂ ᠯᠢ ᠵᠧᠨ ᠱᠧᠩ᠂ ᠬᠤᠸᠠᠩ ᠽᠦᠩ ᠳᠤ ᠳᠤ ︽ᠪᠦᠬᠦᠳᠡ ᠨᠠᠶᠢᠷᠠᠮᠳᠠᠬᠤ ᠤᠯᠤᠰ ᠤᠨ ᠭᠠᠪᠢᠶᠠᠨ | ᠳᠡᠮᠳᠡᠭ︾ ᠣᠯᠭᠤᠨ᠎ᠠ᠃ | ᠬᠤᠶᠠᠷ᠂ ᠳ᠋ᠢᠷᠮᠠ · ᠯᠦᠤᠤᠰᠠᠶᠢᠹ ︵ᠡᠮᠡᠭᠲᠡᠢ᠂ ᠪᠷᠠᠽᠢᠯ︶ ᠲᠤ ︽ᠨᠥᠬᠦᠷᠯᠡᠯ ᠤᠨ ᠭᠠᠪᠢᠶᠠᠨ ᠲᠡᠮᠳᠡᠭ︾ ᠣᠯᠭᠤᠨ᠎ᠠ᠃ | ᠭᠤᠷᠪᠠ᠂ ᠸᠠᠩ ᠰᠢᠶᠤᠤ ᠮᠦᠸᠧ᠂ ᠵᠤᠤ ᠵᠦᠩ ᠰᠢᠶᠠᠨ ᠳᠤ ︽ᠠᠷᠠᠳ ᠤᠨ ᠰᠢᠨᠵᠢᠯᠡᠬᠦ ᠤᠬᠠᠭᠠᠨᠲᠠᠨ︾ ᠤ ᠤᠯᠤᠰ ᠤᠨ ᠢᠷᠠᠭᠤ ᠠᠯᠳᠠᠷ ᠤᠨ | ᠴᠣᠯᠠ ᠣᠯᠭᠤᠨ᠎ᠠ︔ | ᠪᠠᠶ᠋ᠢᠺᠠ · ᠺᠠᠶᠢᠯᠢᠳᠢᠪᠤᠺ ︵ᠲᠠᠵᠢᠺ ᠦᠨᠳᠦᠰᠦᠲᠡᠨ︶ ᠲᠤ ︽ᠠᠷᠠᠳ ᠤᠨ ᠬᠠᠮᠠᠭᠠᠯᠠᠭᠴᠢ︾ ᠶᠢᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ︔ | ᠲᠢᠶᠠᠨ ᠬᠤᠸᠠ ︵ᠡᠮᠡᠭᠲᠡᠢ︶ ᠳᠤ ︽ᠠᠷᠠᠳ ᠤᠨ ᠤᠷᠠᠯᠢᠭᠴᠢᠨ︾ ᠤ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ︔ | ᠰᠢᠤᠢ ᠵᠧᠨ ᠴᠤᠤ ᠳᠤ ︽ᠠᠷᠠᠳ ᠤᠨ ᠤᠷᠠᠨ ᠲᠠᠷᠬᠠᠨ︾ ᠤ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ︔ | ᠵᠠᠩ ᠶᠢᠨ ᠹᠠᠨ᠂ ᠬᠤᠸᠠᠩ ᠳ᠋ᠠ ᠨᠢᠶᠠᠨ ᠳᠤ ︽ᠠᠷᠠᠳ ᠤᠨ ᠰᠤᠷᠭᠠᠨ ᠬᠦᠮᠦᠵᠢᠯᠳᠡᠨ︾ ᠤ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ︔ | ᠯᠦ ᠱᠧᠩ ᠮᠧᠢ ︵ᠡᠮᠡᠭᠲᠡᠢ︶ ᠳᠤ ︽ᠠᠷᠠᠳ ᠤᠨ ᠡᠮᠴᠢᠯᠡᠭᠡᠨ ᠤ ᠠᠵᠢᠯᠳᠠᠨ︾ ᠤ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ︔ | ᠵᠠᠩ ᠵᠦᠸᠧ ᠶᠤᠸᠠᠨ ᠳᠤ ︽ᠠᠵᠤ ᠠᠬᠤᠢ ᠶᠢᠨ ᠰᠤᠳᠤᠯᠭᠠᠨ ᠤ ᠭᠠᠷᠮᠠᠭᠠᠢ ᠵᠢᠳᠭᠦᠯᠳᠡᠨ︾ ᠤ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ︔ | | ᠵᠠᠩ ᠰᠢᠶᠤ ᠯᠢᠨ ᠳᠤ ︽ᠪᠡᠶ᠎ᠡ ᠶᠢᠨ ᠲᠠᠮᠢᠷ ᠤᠨ ᠠᠵᠢᠯ ᠤᠨ ᠭᠠᠷᠮᠠᠭᠠᠢ ᠵᠢᠳᠬᠦᠯᠲᠡᠨ︾ ᠤ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ᠃ | ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠡᠷᠢᠭᠦᠯᠡᠭᠴᠢ | ᠰᠢ ᠶᠢᠨ ᠫᠢᠩ | 2024 ᠣᠨ ᠤ 9 ᠰᠠᠷ᠎ᠠ ᠶᠢᠨ 13 ᠤ ᠡᠳᠦᠷ | ︵ᠰᠢᠨᠬᠤᠸᠠ ᠬᠤᠷᠢᠶ᠎ᠠ ᠶᠢᠨ ᠪᠡᠭᠡᠵᠢᠩ ᠤᠨ | 9 ᠰᠠᠷ᠎ᠠ ᠶᠢᠨ 13 ᠤ ᠴᠠᠬᠢᠯᠭᠠᠨ ᠮᠡᠳᠡᠭᠡ︶ | |