ᠮᠠᠨ ᠤ ᠤᠯᠤᠰ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠪᠤᠳᠠᠳᠤ ᠴᠤᠬᠴᠠ ᠨᠢᠭᠡᠨᠲᠡ ᠮᠢᠩᠭᠠᠨ ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2024/9/14
   ᠤᠯᠤᠰ ᠤᠨ ᠲᠤᠭ᠎ᠠ ᠪᠦᠷᠢᠳᠭᠡᠯ ᠤᠨ ᠲᠣᠪᠴᠢᠶ᠎ᠠ ᠶᠢᠨ 11 ᠤ ᠡᠳᠦᠷ ᠨᠡᠶᠢᠲᠡᠯᠡᠭᠰᠡᠨ ᠰᠢᠨ᠎ᠡ ᠳᠤᠮᠳᠠᠳᠤ ᠤᠯᠤᠰ ᠤᠨ 75 ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠢᠷᠢᠰ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2023 ᠣᠨ ᠤ ᠡᠴᠦᠰ ᠲᠤ ᠮᠠᠨ ᠤ ᠤᠯᠤᠰ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠬᠠᠤᠯᠢ ᠶᠢᠨ ᠡᠷᠬᠡᠳᠡᠨ ᠤ ᠨᠢᠭᠡᠴᠢ 1000 ᠲᠦᠮᠡ ᠶᠢ ᠳᠠᠪᠠᠵᠤ᠂ ᠪᠠᠷᠤᠭ 1952 ᠣᠨ ᠤ 77 ᠳᠠᠬᠢᠨ ᠪᠣᠯᠵᠠᠶ᠃   ᠡᠨᠡ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ᠂ ᠮᠠᠨ ᠤ ᠤᠯᠤᠰ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠪᠣᠯᠤᠨ ᠬᠡᠷᠡᠭᠯᠡᠭᠡᠨ ᠤ ᠬᠦᠷᠢᠶᠡᠨ ᠳᠤ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠦᠭᠰᠡᠨ ᠬᠤᠷᠢᠶᠠᠩᠭᠤᠢ ᠳᠦᠷᠰᠦ ᠪᠣᠯᠤᠨ᠎ᠠ᠃ ᠮᠡᠳᠡᠭᠦᠯᠦᠯᠲᠡ ᠳᠤ᠂ 75 ᠵᠢᠯ ᠤᠨ ᠲᠤᠷᠰᠢ᠂ ᠮᠠᠨ ᠤ ᠤᠯᠤᠰ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠵᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠲᠠᠰᠤᠷᠠᠯᠳᠠ ᠦᠬᠡᠢ ᠪᠤᠵᠠᠭᠠᠶᠢᠷᠠᠪᠠ᠃ 1978 ᠣᠨ ᠳᠤ᠂ ᠠᠷᠠᠳ ᠨᠡᠶᠢᠲᠡ ᠶᠢᠨ ᠥᠮᠴᠢᠯᠡᠯ ᠤᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ ᠨᠡᠶᠢᠭᠡᠮ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶᠡᠨ ᠳᠠᠬᠢ ᠡᠵᠡᠯᠡᠬᠦ ᠬᠤᠪᠢ ᠶᠢᠨ ᠵᠢᠩ ᠨᠢ 60% ᠰᠢᠬᠠᠮ ᠪᠣᠯᠵᠠᠶ︔ 2023 ᠣᠨ ᠤ ᠡᠴᠦᠰ ᠪᠣᠯᠬᠤ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠬᠠᠤᠯᠢ ᠶᠢᠨ ᠡᠷᠬᠡᠳᠡᠨ ᠤ ᠨᠢᠭᠡᠴᠢ ᠶᠢᠨ ᠳᠤᠮᠳᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠡᠮᠵᠢᠶ᠎ᠡ ᠶᠢᠨ ᠡᠵᠡᠯᠡᠬᠦ ᠬᠠᠷᠢᠴᠠᠯ ᠨᠢ ᠠᠷᠪᠠᠨ ᠤ ᠵᠢᠰᠦᠨ ᠬᠤᠪᠢ ᠶᠢ ᠳᠠᠪᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠯᠡᠬᠦ ᠬᠠᠷᠢᠴᠠᠯ ᠨᠢ ᠨᠢᠭᠡᠨᠲᠡ 1% ᠳᠤ ᠬᠥᠷᠬᠦ ᠥᠬᠡᠶ ᠪᠣᠯᠵᠠᠶ ᠭᠡᠵᠦ ᠵᠢᠭᠠᠵᠤ ᠭᠠᠷᠭᠠᠪᠠ᠃   ᠤᠯᠤᠰ ᠠᠷᠠᠳ ᠤᠨ ᠠᠵᠤ ᠠᠬᠤᠢ ᠦᠷᠭᠦᠯᠵᠢᠯᠡᠨ ᠲᠦᠷᠭᠡᠨ ᠨᠡᠮᠡᠭᠳᠡᠵᠦ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠨ ᠪᠤᠵᠠᠭᠠᠶᠢᠷᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 1952 ᠣᠨ ᠳᠤ 277 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 47 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠶ᠃ 2023 ᠣᠨ ᠳᠤ ᠡᠴᠦᠰ ᠤᠨ ᠬᠡᠷᠡᠭᠯᠡᠭᠡᠨ ᠤ ᠵᠠᠷᠤᠯᠭ᠎ᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 82.5% ᠪᠠᠶᠢᠵᠤ᠂ ᠬᠡᠷᠡᠭᠯᠡᠭᠡ ᠨᠢ ᠡᠳᠦᠷ ᠢᠷᠡᠬᠦᠶ᠎ᠡ ᠠᠵᠤ ᠠᠬᠤᠢ ᠶᠢᠨ ᠨᠡᠮᠡᠭᠳᠡᠯ ᠤᠨ ︽ᠲᠣᠭᠲᠠᠪᠤᠷᠢᠵᠢᠭᠤᠯᠤᠭᠴᠢ︾ ᠪᠣᠯᠪᠠ᠃   ᠬᠡᠷᠡᠭᠯᠡᠭᠡᠨ ᠤ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠲᠡᠰ ᠳᠡᠪᠰᠢᠬᠦ ᠪᠠᠶᠢᠳᠠᠯ ᠢᠯᠡᠳᠲᠡ ᠪᠣᠯᠪᠠ ᠃ 2023 ᠣᠨ ᠳᠤ᠂ ᠪᠦᠬᠦ ᠤᠯᠤᠰ ᠤᠨ ᠰᠠᠭᠤᠭᠠᠯᠢ ᠠᠷᠠᠳ ᠤᠨ ᠡᠩᠭᠦᠯ ᠤᠨ ᠢᠯᠡᠳᠭᠡᠮᠵᠢ 29.8% ᠪᠠᠶᠢᠵᠤ᠂ 1978 ᠣᠨ ᠤ 63.9% ᠠᠴᠠ ᠵᠠᠭᠤᠨ ᠤ ᠬᠠᠷᠢᠴᠠᠯ ᠢᠶᠠᠷ 34.1 ᠬᠤᠪᠢ ᠪᠠᠭᠤᠷᠠᠪᠠ᠃ 2023 ᠣᠨ ᠤ ᠡᠴᠦᠰ ᠲᠤ᠂ ᠪᠥᠬᠦ ᠤᠯᠤᠰ ᠲᠤ ᠨᠡᠶᠢᠲᠡ 3246 ᠣᠯᠠᠨ ᠨᠡᠶᠢᠲᠡ ᠶᠢᠨ ᠨᠣᠮ ᠤᠨ ᠰᠠᠩ᠂ 6833 ᠮᠦᠽᠧᠶ ᠪᠠᠶᠢᠵᠤ᠂ ᠲᠤᠭ᠎ᠠ ᠬᠡᠮᠵᠢᠶ᠎ᠡ ᠨᠢ ᠲᠣᠰ ᠲᠣᠰ 1952 ᠣᠨ ᠤ 39 ᠳᠠᠬᠢᠨ ᠪᠠ 220 ᠳᠠᠬᠢᠨ ᠪᠣᠯᠵᠠᠶ᠃ 2023 ᠣᠨ ᠳᠤ ᠪᠥᠬᠦ ᠤᠯᠤᠰ ᠤᠨ ᠺᠢᠨᠣ᠋ ᠶᠢᠨ ᠪᠢᠯᠧᠲ ᠤᠨ ᠣᠷᠣᠯᠭ᠎ᠠ 549 ᠳ᠋ᠦᠩᠰᠢᠭᠤᠷ ᠲᠥᠭᠦᠷᠢᠭ ᠲᠤ ᠬᠦᠷᠴᠦ᠂ 1991 ᠣᠨ ᠤ ᠬᠢ ᠠᠴᠠ 20 ᠳᠠᠬᠢᠨ ᠠᠴᠠ ᠳᠡᠭᠡᠭᠰᠢ ᠨᠡᠮᠡᠭᠳᠡᠪᠡ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠤᠨ ᠬᠡᠪᠴᠢᠶ᠎ᠡ ᠥᠷᠭᠡᠵᠢᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠪᠦᠲᠦᠴᠡ ᠳᠤ ᠬᠤᠪᠢᠷᠠᠯᠲᠠ ᠭᠠᠷᠴᠤ᠂ ᠦᠢᠯᠡᠴᠢᠯᠡᠭᠡᠨ ᠤ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠦᠭᠡᠢ ᠢᠯᠡᠷᠡᠪᠡ᠃   ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠥᠷᠨᠢᠨ ᠬᠥᠭᠵᠢᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠪᠠ᠃ ᠣᠶᠢᠷ᠎ᠠ ᠶᠢᠨ ᠵᠢᠯ ᠤᠳ ᠲᠤ᠂ ᠰᠢᠭᠤᠳ ᠨᠡᠪᠲᠡᠷᠡᠭᠦᠯᠬᠡ ᠶᠢᠨ ᠡᠯᠧᠺᠲᠷᠣᠨ ᠬᠤᠳᠠᠯᠳᠤᠭ᠎ᠠ᠂ ᠲᠡᠷᠡ ᠳᠠᠷᠤᠶ ᠳᠤᠨᠢ ᠵᠢᠵᠢᠭᠯᠡᠨ ᠬᠤᠳᠠᠯᠳᠤᠬᠤ ᠵᠡᠷᠭᠡ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠰᠢᠨ᠎ᠡ ᠵᠠᠭᠪᠤᠷ ᠲᠠᠰᠤᠷᠠᠯᠲᠠ ᠥᠬᠡᠶ ᠥᠷᠭᠡᠵᠢᠵᠦ᠂ 2015 ᠣᠨ ᠠᠴᠠ 2023 ᠣᠨ ᠪᠣᠯᠲᠠᠯ᠎ᠠ ᠰᠦᠯᠵᠢᠶᠡᠨ ᠳᠡᠭᠡᠷᠡᠬᠢ ᠵᠢᠵᠢᠭᠯᠡᠨ ᠬᠤᠳᠠᠯᠳᠤᠬᠤ ᠬᠡᠮᠵᠢᠶ᠎ᠡ ᠵᠢᠯ ᠳᠤᠮᠳᠠᠴᠢ ᠪᠠᠷ 20% ᠪᠠᠷ ᠨᠡᠮᠡᠭᠳᠡᠵᠡᠢ᠃ 2023 ᠣᠨ ᠤ ᠡᠴᠦᠰ ᠲᠤ ᠂ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠳᠡᠯᠭᠡᠭᠦᠷ ᠲᠠᠢ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠬᠡᠯᠪᠡᠷᠢ ᠳᠤ᠂ ᠴᠢᠨᠠᠷ ᠰᠠᠶᠢᠲᠠᠢ ᠬᠡᠷᠡᠭᠯᠡᠭᠡ ᠶᠢᠨ ᠬᠡᠷᠡᠭᠴᠡᠭᠡ ᠶᠢ ᠬᠠᠩᠭᠠᠭᠰᠠᠨ ᠲᠤᠰᠬᠠᠶ ᠳᠡᠯᠭᠡᠭᠦᠷ ᠪᠠ ᠲᠥᠷᠥᠯ ᠲᠡᠮᠳᠡᠭᠲᠦ ᠲᠤᠰᠬᠠᠶ ᠬᠤᠳᠠᠯᠳᠤᠬᠤ ᠳᠡᠯᠭᠡᠭᠦᠷ ᠤᠨ ᠲᠤᠭ᠎ᠠ ᠬᠡᠮᠵᠢᠶ᠎ᠡ ᠲᠣᠰ ᠲᠣᠰ 5.7 ᠲᠦᠮᠡ ᠪᠠ 4.2 ᠲᠦᠮᠡ ᠳᠤ ᠬᠦᠷᠴᠤ᠂ ᠪᠣᠳᠠᠲᠤ ᠴᠣᠭᠴᠠ ᠶᠢᠨ ᠠᠷᠠᠯᠵᠢᠶ᠎ᠠ ᠬᠤᠳᠠᠯᠳᠤᠭ᠎ᠠ ᠶᠢᠨ ᠠᠵᠤ ᠠᠬᠤᠶᠢᠯᠠᠯ ᠰᠠᠭᠤᠭᠠᠯᠢ ᠠᠷᠠᠳ ᠤᠨ ᠬᠡᠷᠡᠭᠯᠡᠭᠡ ᠶᠢᠨ ᠦᠵᠡᠯᠲᠡ ᠪᠠ ᠬᠡᠷᠡᠭᠴᠡᠭᠡ ᠶᠢᠨ ᠬᠤᠪᠢᠷᠠᠯᠲᠠ ᠳᠤ ᠵᠣᠬᠢᠴᠠᠭᠤᠯᠤᠨ᠂ ᠪᠤᠳᠠᠳᠤ ᠴᠤᠬᠴᠠ ᠶᠢᠨ ᠣᠯᠠᠨ ᠡᠰᠢᠲᠦ ᠬᠡᠷᠡᠭᠯᠡᠭᠡ ᠶᠢᠨ ᠠᠷᠭ᠎ᠠ ᠵᠠᠮ ᠢ ᠠᠯᠬᠤᠮ ᠠᠯᠬᠤᠮ ᠢᠶᠠᠷ ᠪᠠᠶᠢᠭᠤᠯᠤᠭᠰᠠᠨ ᠪᠠᠶᠢᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 11 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ