ᠬᠦᠬᠡᠬᠤᠳᠡ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 160.72 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2024/9/14
   ᠡᠨᠡ ᠵᠢᠯ ᠠᠴᠠ ᠨᠠᠭᠠᠰᠢ᠂ ᠬᠥᠬᠡᠬᠤᠲᠠ ᠡᠳ᠋ ᠤᠨ ᠵᠠᠰᠠᠭ ᠤᠨ ᠢᠷᠡᠯᠲᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠂ ᠡᠳ᠋ ᠤᠨ ᠵᠠᠰᠠᠭ ᠤᠨ ᠪᠣᠳᠠᠲᠤ ᠬᠦᠴᠦᠨ ᠢ ᠦᠷᠭᠦᠯᠵᠢᠯᠡᠨ ᠴᠢᠩᠭᠠᠷᠠᠭᠤᠯᠪᠠ᠃ 7 ᠰᠠᠷ᠎ᠠ ᠪᠤᠯᠳᠠᠯ᠎ᠡ ᠬᠦᠬᠡᠬᠤᠳᠡ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 160.72 ᠳ᠋ᠦᠩᠰᠢᠭᠤᠷ ᠲᠥᠭᠦᠷᠢᠭ ᠲᠤ ᠬᠦᠷᠴᠤ᠂ 9.4% ᠪᠠᠷ ᠨᠡᠮᠡᠭᠳᠡᠪᠡ᠃   ᠡᠭᠦᠨ ᠳᠤ ᠭᠠᠶᠢᠯᠢ ᠶᠢᠨ ᠣᠷᠣᠯᠭ᠎ᠠ 132.18 ᠳ᠋ᠦᠩᠰᠢᠭᠤᠷ ᠲᠥᠭᠦᠷᠢᠭ ᠲᠤ ᠬᠦᠷᠴᠦ᠂ 6.47% ᠪᠠᠷ ᠨᠡᠮᠡᠭᠳᠡᠨ᠂ ᠭᠠᠶᠢᠯᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ 82.24% ᠳᠤ ᠬᠦᠷᠴᠦ᠂ ᠣᠷᠣᠯᠭ᠎ᠠ ᠶᠢᠨ ᠶᠠᠰᠤ ᠴᠢᠨᠠᠷ ᠨᠡᠯᠢᠶᠡᠳ ᠰᠠᠶᠢᠨ ᠪᠠᠶᠢᠨ᠎ᠠ᠃ ᠬᠦᠬᠡᠬᠤᠳᠡ ᠡᠳ᠋ ᠤᠨ ᠵᠠᠰᠠᠭ ᠤᠨ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠵᠠᠷᠤᠯᠭ᠎ᠠ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠪᠦᠬᠦ ᠬᠤᠲᠠ ᠳᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠴᠡᠪᠡᠷ ᠡᠨᠧᠷᠭᠢ᠂ ᠣᠳᠣᠬᠢᠴᠢᠯᠠᠭᠰᠠᠨ ᠠᠵᠢᠯᠴᠢᠨ᠂ ᠰᠢᠨ᠎ᠡ ᠮᠠᠲ᠋ᠧᠷᠢᠶᠠᠯ ᠪᠠ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂  ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢ ᠪᠤᠶᠢᠵᠢᠭᠤᠯᠬᠤ ᠳᠤ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠵᠦ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠵᠦ᠂ ᠡᠳ᠋ ᠤᠨ ᠢᠷᠡᠯᠲᠡ ᠶᠢᠨ ᠨᠡᠮᠡᠭᠳᠡᠯ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠪᠡ᠃ 7 ᠰᠠᠷ᠎ᠠ ᠪᠤᠯᠳᠠᠯ᠎ᠡ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠭᠠᠶᠢᠯᠢ ᠲᠠᠲᠠᠪᠤᠷᠢ 25.6 ᠳ᠋ᠦᠩᠰᠢᠭᠤᠷ ᠲᠥᠭᠦᠷᠢᠭ ᠲᠤ ᠬᠦᠷᠴᠤ᠂ ᠪᠥᠬᠦ ᠬᠤᠲᠠ ᠶᠢᠨ ᠭᠠᠶᠢᠯᠢ ᠲᠠᠲᠠᠪᠤᠷᠢ ᠶᠢᠨ ᠣᠷᠣᠯᠭ᠎ᠠ ᠶᠢᠨ 19.37% ᠶᠢ ᠡᠵᠡᠯᠡᠵᠦ᠂ ᠭᠠᠶᠢᠯᠢ ᠲᠠᠲᠠᠪᠤᠷᠢ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 20.62 ᠬᠤᠪᠢ ᠳᠠᠶᠢᠴᠢᠯᠠᠪᠠ᠃   ᠪᠦᠬᠦ ᠬᠤᠲᠠ ᠶᠢᠨ 6 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠤᠵᠠᠭᠠᠶᠢᠷᠠᠨ ᠬᠦᠴᠦᠷᠬᠡᠭᠵᠢᠬᠦ ᠶᠢ ᠪᠦᠬᠦ ᠬᠦᠴᠦᠨ ᠢᠶᠠᠷ ᠳᠠᠮᠵᠢᠵᠤ᠂ ᠠᠵᠤ ᠦᠢᠯᠡᠰ ᠤᠨ ᠠᠷᠠᠯᠵᠢᠶᠠᠴᠢᠨ ᠤᠷᠢᠬᠤ ᠶᠢ ᠠᠬᠢᠭᠤᠯᠵᠤ᠂ ᠬᠠᠷᠢᠶ᠎ᠠ ᠭᠠᠵᠠᠷ ᠤᠨ ᠠᠵᠤ ᠠᠬᠤᠢ ᠢᠢᠨ ᠪᠣᠳᠠᠲᠤ ᠬᠦᠴᠦᠨ ᠤ ᠳᠡᠭᠡᠭᠰᠢᠯᠡᠯᠲᠡ ᠶᠢ ᠳᠠᠶᠢᠴᠢᠯᠠᠵᠤ᠂ ᠬᠥᠭᠵᠢᠯᠲᠡ ᠶᠢᠨ ᠳᠠᠪᠠᠭᠤᠯᠢᠭ ᠬᠥᠳᠡᠯᠭᠡᠭᠴᠢ ᠬᠦᠴᠦᠨ ᠢ ᠨᠡᠮᠡᠭᠳᠡᠭᠦᠯᠪᠡ᠃ 7 ᠰᠠᠷ᠎ᠠ ᠪᠤᠯᠳᠠᠯ᠎ᠡ ᠠᠵᠤ ᠦᠢᠯᠡᠳᠪᠦᠷᠢ ᠢᠢᠨ ᠬᠦᠷᠢᠶᠡᠯᠡᠩ ᠲᠣᠭᠤᠷᠢᠭ ᠤᠨ ᠬᠠᠷᠢᠶ᠎ᠠ ᠭᠠᠵᠠᠷ ᠤᠨ ᠡᠳ᠋ ᠤᠨ ᠵᠠᠰᠠᠭ ᠤᠨ ᠣᠷᠣᠯᠭ᠎ᠠ ᠳᠤ ᠦᠵᠡᠭᠦᠯᠦᠭᠰᠡᠨ ᠬᠤᠪᠢ ᠨᠡᠮᠡᠷᠢ ᠨᠠᠩ ᠲᠣᠪᠤᠶᠢᠮ᠎ᠠ ᠪᠣᠯᠵᠣ᠂ ᠨᠡᠶᠢᠲᠡ 22.1 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠬᠦᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠵᠦ᠂ ᠬᠠᠷᠢᠶ᠎ᠠ ᠭᠠᠵᠠᠷ ᠤᠨ ᠣᠷᠣᠯᠭ᠎ᠠ ᠶᠢᠨ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠡᠯ ᠢᠶᠠᠷ 2.1 ᠬᠤᠪᠢ ᠲᠠᠪᠠᠪᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠡᠳ᠋ ᠮᠦᠩᠬᠦᠨ ᠤ ᠢᠷᠡᠯᠲᠡ ᠶᠢ ᠠᠳᠬᠤᠵᠤ᠂ ︽ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠬᠤ︾ ᠤᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠤᠨ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠳ᠋ᠯᠡᠪᠡᠰᠦ ᠵᠣᠬᠢᠬᠤ ᠶᠢ ᠪᠦᠷᠢᠨ ᠡᠳ᠋ᠯᠡᠬᠦᠯᠬᠦ ᠶᠢ ᠦᠨᠡᠨ ᠬᠦ ᠪᠠᠳᠤᠯᠠᠵᠤ ᠪᠤᠢ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠲᠡᠳᠬᠦᠵᠦ ᠬᠥᠲᠥᠯᠥᠨ ᠵᠢᠯᠣᠭᠤᠳᠬᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠲᠤᠰᠬᠠᠶ ᠪᠠᠯᠠ ᠮᠥᠩᠭᠦ ᠶᠢ ᠴᠠᠭ ᠲᠤᠬᠠᠶ ᠳᠤᠨᠢ ᠣᠯᠭᠤᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠤ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ ᠶᠢ ᠶᠡᠭᠡ ᠪᠠᠷ ᠳᠠᠮᠵᠢᠵᠤ᠂ ᠨᠠᠩ ᠣᠯᠠᠨ ᠲᠣᠮᠣ ᠲᠥᠷᠦᠯ ᠵᠦᠢᠯ᠂ ᠰᠠᠶᠢᠨ ᠲᠥᠷᠦᠯ ᠵᠦᠢᠯ ᠢ ᠨᠠᠶᠢᠳᠠᠪᠤᠷᠢᠵᠢᠭᠤᠯᠬᠤ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ