ᠮᠠᠨ ᠤ ᠤᠷᠤᠨ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠲᠡᠭᠴᠢ︾ ᠶᠢ ᠰᠤᠩᠭᠤᠨ ᠬᠦᠮᠦᠵᠢᠭᠦᠯᠵᠦ ᠪᠤᠢ
ᠨᠡᠶᠢᠲᠡᠯᠡᠭᠰᠡᠨ ᠴᠠᠭ᠄
2024/9/14
    ᠣᠶᠢᠷ᠎ᠠ ᠳᠤ᠂ ᠮᠠᠨ ᠤ ᠤᠷᠤᠨ ᠪᠥᠬᠦ ᠤᠯᠤᠰ ᠲᠤ ᠲᠦᠷᠦᠭᠦᠯᠡᠨ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠲᠡᠭᠴᠢ︾ ᠶᠢ ᠰᠣᠩᠭᠤᠨ ᠬᠦᠮᠦᠵᠢᠭᠦᠯᠬᠦ ᠪᠠᠷ ᠲᠤᠷᠠᠳᠤᠨ ᠭᠠᠷᠭᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶᠠᠨ ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠠᠮᠲᠤᠷᠠᠨ ︽︿ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠲᠡᠭᠴᠢ﹀ ᠶᠢ ᠰᠣᠩᠭᠤᠨ ᠬᠦᠮᠦᠵᠢᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠲᠡᠭᠴᠢ︾ ᠶᠢ ᠰᠣᠩᠭᠤᠨ ᠬᠦᠮᠦᠵᠢᠭᠦᠯᠬᠦ ᠪᠣᠯ ᠰᠢᠨ᠎ᠡ ᠪᠠᠶᠢᠳᠠᠯ ᠤᠨ ᠳᠣᠣᠷ᠎ᠠ ᠬᠠᠤᠯᠢ ᠶᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠶᠢ ᠭᠦᠨᠵᠡᠭᠡᠶᠢᠷᠡᠭᠦᠯᠬᠦ ᠠᠰᠢᠭᠲᠠᠢ ᠲᠤᠷᠰᠢᠴᠠ ᠪᠣᠯᠣᠨ᠎ᠠ᠂ ᠰᠦᠯᠵᠢᠶᠡᠨ ᠤ ᠣᠷᠣᠨ ᠵᠠᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ᠂ ᠬᠥᠳᠡᠭᠡ ᠲᠣᠰᠬᠤᠨ ᠨᠡᠶᠢᠭᠡᠮ ᠲᠣᠭᠤᠷᠢᠭ ᠤᠨ ︽ᠬᠠᠤᠯᠢ ᠴᠠᠭᠠᠵᠠ ᠶᠢ ᠰᠠᠶᠢᠨ ᠮᠡᠲᠡᠭᠴᠢ︾᠂ ᠡᠮᠡᠭᠲᠡᠶᠢᠴᠦᠳ ᠤᠨ ᠬᠤᠯᠪᠣᠭ᠎ᠠ ᠶᠢᠨ ︽ᠬᠠᠤᠯᠢ ᠴᠠᠭᠠᠵᠠ ᠶᠢ ᠰᠠᠶᠢᠨ ᠮᠡᠲᠡᠭᠴᠢ︾ ᠶᠢ ᠬᠥᠮᠥᠵᠢᠭᠦᠯᠦᠨ ᠬᠡᠷᠡᠭᠯᠡᠬᠦ ᠲᠤᠷᠰᠢᠯᠭ᠎ᠠ ᠶᠢ ᠳᠡᠯᠭᠡᠷᠡᠭᠦᠯᠦᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠮᠥᠨ᠃ ᠡᠨᠡ ᠨᠢ ᠲᠥᠷᠥ ᠶᠢᠨ ᠪᠠᠶᠢᠭᠤᠯᠭ᠎ᠠ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠠᠬᠢᠭᠤᠯᠬᠤ᠂ ᠥᠷᠭᠡᠨ ᠣᠯᠠᠨ ᠰᠦᠯᠵᠢᠶᠡᠨ ᠢᠷᠭᠡᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠰᠦᠯᠵᠢᠶᠡᠨ ᠳᠤ ᠭᠠᠷᠬᠤ᠂ ᠠᠮᠤᠷ ᠲᠦᠪᠰᠢᠨ ᠢᠶᠠᠷ ᠰᠦᠯᠵᠢᠶ᠎ᠡ ᠶᠢ ᠬᠡᠷᠡᠭᠯᠡᠬᠦ᠂ ᠣᠶᠤᠨᠴᠢ ᠪᠠᠷ ᠦᠭᠡ ᠬᠡᠯᠡᠬᠦ᠂ ᠰᠦᠯᠵᠢᠶᠡᠨ ᠤ ᠰᠠᠶᠢᠨ ᠰᠠᠶᠢᠬᠠᠨ ᠠᠮᠢ ᠠᠬᠤᠢ ᠶᠢ ᠪᠣᠶ ᠪᠣᠯᠭᠠᠬᠤ ᠳᠤ ᠴᠢᠬᠤᠯᠠ ᠦᠢᠯᠡᠳᠦᠯ ᠲᠠᠢ ᠶᠤᠮ ᠬᠡᠵᠦ ︽ᠮᠡᠳᠡᠭᠳᠡᠯ︾ ᠳᠤ ᠵᠢᠭᠠᠵᠤ ᠭᠠᠷᠭᠠᠪᠠ᠃    ᠰᠦᠯᠵᠢᠶᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠠᠪᠤᠴᠠ ᠳᠠᠬᠢ ᠬᠠᠤᠯᠢ ᠪᠠᠷ ᠵᠠᠰᠠᠬᠤ ᠶᠢᠨ ᠰᠠᠭᠤᠷᠢ ᠴᠢᠨᠠᠷᠲᠠᠢ ᠦᠢᠯᠡᠳᠦᠯ ᠢ ᠭᠦᠨᠵᠡᠭᠡᠢ ᠲᠠᠨᠢᠵᠤ᠂ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠲᠡᠭᠴᠢ︾ ᠶᠢ ᠬᠥᠮᠥᠵᠢᠭᠦᠯᠬᠦ ᠠᠵᠢᠯ ᠢ ᠣᠷᠣᠨ ᠨᠤᠲᠤᠭ ᠤᠨ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠣᠩᠭᠤᠨ ᠬᠥᠮᠥᠵᠢᠭᠦᠯᠬᠦ ᠠᠵᠢᠯ ᠢ ᠥᠷᠨᠢᠭᠦᠯᠵᠦ᠂ ︽ᠵᠣᠬᠢᠬᠤ ᠰᠦᠯᠵᠢᠶᠡᠨ ᠤ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ᠂ ᠰᠤᠷᠤᠯᠴᠠᠬᠤ ᠴᠢᠳᠠᠪᠤᠷᠢ ᠪᠠ ᠨᠡᠯᠢᠶᠡᠳ ᠰᠠᠶᠢᠨ ᠢᠯᠡᠳᠬᠡᠬᠦ ᠴᠢᠳᠠᠪᠤᠷᠢ ᠲᠠᠢ᠂ ᠵᠣᠬᠢᠬᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠲᠠᠢ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠡᠷᠡᠭ ᠶᠠᠪᠤᠲᠠᠯ ᠳᠤ ᠬᠠᠨᠳᠤᠨ᠂ ᠬᠡᠷᠡᠭ ᠶᠠᠪᠤᠳᠠᠯ ᠢ ᠰᠶᠢᠳᠪᠦᠷᠢᠯᠡᠵᠦ ᠴᠢᠳᠠᠬᠤ︾ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠵᠤ᠂ ︽ᠰᠦᠯᠵᠢᠶᠡᠨ ᠢᠷᠭᠡᠳ ᠢ ᠬᠥᠲᠥᠯᠥᠨ ᠵᠢᠯᠤᠭᠤᠳᠴᠤ ᠪᠠᠶᠢᠭᠠᠳ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠᠨ ᠣᠶᠤᠨᠴᠢ ᠪᠠᠷ ᠢᠯᠡᠳᠬᠡᠬᠦ᠂ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠰᠤᠷᠤᠯᠴᠠᠬᠤ ᠪᠠ ᠤᠬᠠᠭᠤᠯᠬᠤ᠂ ᠨᠠᠮ ᠪᠠ ᠤᠯᠤᠰ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠬᠤ︾ ᠵᠡᠷᠭᠡ ᠰᠦᠯᠵᠢᠶᠡᠨ ᠤ ᠣᠷᠣᠨ ᠵᠠᠢ ᠶᠢᠨ ᠬᠠᠤᠯᠢ ᠶᠢ ᠲᠦᠭᠡᠮᠡᠯᠵᠢᠭᠦᠯᠬᠦ ᠠᠵᠢᠯ ᠳᠤ ᠢᠳᠡᠪᠬᠢᠲᠡᠢ ᠣᠷᠣᠯᠴᠠᠭᠤᠯᠵᠤ᠂ ᠰᠦᠯᠵᠢᠶᠡᠨ ᠤ ᠣᠷᠣᠨ ᠵᠠᠢ ᠶᠢᠨ ᠬᠠᠤᠯᠢ ᠶᠤᠰᠤᠭᠠᠷ ᠤᠴᠢᠷ ᠶᠠᠪᠤᠳᠠᠯ ᠭᠦᠢᠴᠡᠳᠬᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠶᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ ᠬᠡᠵᠦ ︽ᠮᠡᠳᠡᠭᠳᠡᠯ︾ ᠳᠤ ᠴᠢᠬᠤᠯᠠᠴᠢᠯᠠᠪᠠ᠃   ︽ᠮᠡᠳᠡᠭᠳᠡᠯ︾ ᠳᠤ 2025 ᠣᠨ ᠤ ᠰᠡᠭᠦᠯᠴᠢ ᠪᠣᠯᠬᠤ ᠳᠤ ᠪᠦᠬᠦ ᠣᠷᠣᠨ ᠤ ᠡᠯ᠎ᠡ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠦ ᠨᠢᠭᠡᠴᠢ ᠶᠢᠨ ᠬᠢᠨ ᠲᠠᠨᠢᠯᠴᠠᠭᠤᠯᠬᠤ᠂ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠭᠤᠯᠤᠨ᠂ ᠰᠠᠯᠠᠭ᠎ᠠ ᠮᠥᠴᠢᠷ ᠨᠢᠭᠡᠴᠢ ᠨᠢᠭᠡ ᠪᠦᠷᠢ ᠳᠤ ᠨᠠᠭᠠᠲᠤ ᠵᠠᠬ᠎ᠠ ᠳᠠᠭᠠᠨ 3 — 5 ᠨᠡᠷᠡᠰ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠲᠡᠭᠴᠢ︾ ᠶᠢ ᠬᠥᠮᠥᠵᠢᠭᠦᠯᠵᠦ ︵2024 ᠣᠨ ᠳᠤ ᠨᠠᠭᠠᠲᠤ ᠵᠠᠬ᠎ᠠ ᠳᠠᠭᠠᠨ 3 ᠨᠡᠷᠡᠰ ᠬᠥᠮᠥᠵᠢᠭᠦᠯᠦᠨ᠎ᠡ︶᠂ ᠡᠯ᠎ᠡ ᠱᠠᠲᠤᠨ ᠤ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠤ ᠨᠢᠭᠡᠴᠢ ᠶᠢᠨ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠲᠡᠭᠴᠢ︾ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠲᠥᠷᠥ ᠶᠢᠨ ᠪᠠᠶᠢᠭᠤᠯᠭ᠎ᠠ ᠶᠢᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠳᠤᠮᠳᠠᠬᠢ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠪᠠᠷ ᠵᠠᠰᠠᠬᠤ ᠥᠪᠥᠷ ᠮᠣᠩᠭᠤᠯ᠂ ᠠᠮᠤᠭᠤᠯᠠᠩᠲᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ᠬᠡᠵᠦ ᠲᠤᠲᠤᠷᠬᠠᠶᠢᠯᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ