ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ 9 ᠰᠠᠷ᠎ᠠ ᠶᠢᠨ 13 ᠤ ᠡᠳᠦᠷ | ᠡᠷᠬᠢᠯᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ︽ᠳᠤᠮᠳᠠᠳᠤ ᠶᠢᠨ ᠪᠣᠯᠪᠠᠰᠤᠨ ᠤ ᠬᠡᠷᠡᠯᠳᠦ ᠣᠳᠣ | — ︿ᠬᠤᠩᠱᠠᠨ ᠰᠣᠶᠣᠯ﹀ ᠨᠡᠷᠡᠶᠢᠳᠦᠭᠳᠡᠭᠰᠡᠨ 70 ᠵᠢᠯ ᠤᠨ ᠣᠶ ᠶᠢᠨ ᠰᠤᠳᠤᠯᠤᠨ ᠶᠠᠷᠢᠯᠴᠠᠬᠤ ᠬᠤᠷᠠᠯ︾ 9 ᠰᠠᠷ᠎ᠠ ᠶᠢᠨ 22 — 23 ᠤ | ᠡᠳᠦᠷ ᠪᠣᠯᠲᠠᠯ᠎ᠠ ᠥᠪᠥᠷ ᠮᠣᠩᠭᠤᠯ ᠤᠨ ᠤᠯᠠᠭᠠᠨᠬᠠᠳᠠ ᠬᠤᠲᠠ ᠳᠤ ᠬᠤᠷᠠᠯᠳᠤᠬᠤ ᠪᠠᠷ ᠲᠤᠭᠳᠠᠵᠠᠢ᠃ | ᠡᠨᠡ ᠵᠢᠯ ᠪᠣᠯ ︽ᠬᠤᠩᠱᠠᠨ ᠰᠣᠶᠣᠯ︾ ᠨᠡᠷᠡᠶᠢᠳᠦᠭᠳᠡᠭᠰᠡᠨ 70 ᠵᠢᠯ ᠤᠨ ᠣᠶ ᠪᠣᠯᠤᠨ᠎ᠠ᠃ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ | ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ | ᠬᠦᠷᠢᠶᠡᠯᠡᠩ᠂ ᠤᠯᠠᠭᠠᠨᠬᠠᠳᠠ ᠢᠢᠨ ᠮᠦᠽᠧᠶ ᠪᠠ ︽ᠬᠤᠩᠱᠠᠨ ᠰᠣᠶᠣᠯ︾ ᠤᠨ ᠮᠦᠽᠧᠶ ᠠᠴᠠ ᠬᠠᠮᠲᠤᠷᠠᠨ ᠳᠠᠭᠠᠭᠠᠨ ᠡᠷᠭᠢᠯᠡᠬᠦ ᠪᠠᠷ ᠪᠠᠶᠢᠭ᠎ᠠ ᠲᠤᠰ | ᠬᠤᠷᠠᠯ ᠳᠤ ︽ᠬᠤᠩᠱᠠᠨ ᠰᠣᠶᠣᠯ︾ ᠢ ᠳᠤᠷᠠᠳᠤᠭᠰᠠᠨ ᠪᠠ ᠨᠡᠷᠡᠶᠢᠳᠦᠭᠰᠡᠨ᠂ ︽ᠬᠤᠩᠱᠠᠨ ᠰᠣᠶᠣᠯ︾ ᠤᠨ 70 ᠵᠢᠯ ᠤᠨ ᠲᠤᠷᠰᠢᠬᠢ ᠴᠢᠬᠤᠯᠠ | ᠬᠠᠭᠤᠴᠢ ᠰᠤᠳᠤᠯᠤᠯ ᠤᠨ ᠢᠯᠡᠷᠡᠭᠦᠯᠦᠯᠲᠡ ᠵᠡᠷᠭᠡ ᠡᠷᠳᠡᠮ ᠰᠢᠨᠵᠢᠯᠡᠭᠡᠨ ᠤ ᠮᠡᠳᠡᠭᠦᠯᠦᠯᠲᠡ ᠬᠢᠵᠦ᠂ ︽ᠬᠤᠩᠱᠠᠨ ᠰᠣᠶᠣᠯ︾ ᠢ ᠢᠯᠡᠷᠡᠭᠦᠯᠵᠦ ᠠᠭᠤᠳᠠᠯᠬᠤ | ᠂ ᠰᠤᠳᠤᠯᠭᠠᠨ ᠤ ᠥᠩᠭᠡᠷᠡᠯᠲᠡ᠂ ᠲᠣᠳᠣᠷᠬᠠᠶᠢᠯᠠᠨ ᠲᠠᠶᠢᠯᠪᠤᠷᠢᠯᠠᠵᠤ ᠬᠠᠮᠠᠭᠠᠯᠠᠬᠤ ᠵᠡᠷᠭᠡ ᠭᠤᠤᠯ ᠰᠡᠳᠦᠪ ᠤᠨ ᠲᠣᠭᠤᠷᠢᠨ ᠳᠤ 70 ᠵᠢᠯ ᠤᠨ ᠲᠤᠷᠰᠢᠬᠢ | ︽ᠬᠤᠩᠱᠠᠨ ᠰᠣᠶᠣᠯ︾ ᠤᠨ ᠢᠯᠡᠷᠡᠭᠦᠯᠦᠯᠲᠡ ᠪᠠ ᠰᠤᠳᠤᠯᠭᠠᠨ ᠢ ᠪᠥᠬᠦ ᠲᠠᠯ᠎ᠠ ᠪᠠᠷ ᠡᠮᠬᠢᠯᠡᠨ᠎ᠡ᠃ ᠡᠭᠦᠨ ᠤ ᠬᠠᠮᠲᠤ ᠪᠠᠰᠠ ︽︿ᠬᠤᠩᠱᠠᠨ﹀ ᠤ ᠲᠤᠬᠠᠢ | ᠥᠭᠦᠯᠡᠯᠳᠦᠬᠦ ᠨᠢ︾ ᠭᠡᠬᠦ ᠰᠣᠯᠢᠯᠴᠠᠭ᠎ᠠ ᠶᠠᠷᠢᠯᠴᠠᠭ᠎ᠠ ᠶᠢ ᠵᠣᠬᠢᠶᠠᠨ ᠪᠠᠶᠢᠭᠤᠯᠵᠤ᠂ ᠯᠢᠶᠣᠤᠨᠢᠩ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ | ᠬᠠᠭᠤᠴᠢ ᠰᠤᠳᠤᠯᠤᠯ ᠤᠨ ᠬᠦᠷᠢᠶᠡᠯᠡᠩ ᠤᠨ ᠨᠡᠷ᠎ᠡ ᠬᠦᠨᠳᠦᠲᠦ ᠳᠠᠷᠤᠭ᠎ᠠ ᠭᠦᠸᠧ ᠳ᠋ᠡ ᠱᠦᠨ ᠠᠪᠤᠭᠠᠢ ᠲᠤᠰᠬᠠᠢ ᠰᠡᠳᠦᠪᠲᠦ ᠮᠡᠳᠡᠭᠦᠯᠦᠯᠲᠡ ᠬᠢᠨ᠎ᠠ᠃ | ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠳᠤ ︽ᠬᠤᠩᠱᠠᠨ ᠰᠣᠶᠣᠯ︾ ᠢ ᠢᠯᠡᠷᠡᠭᠦᠯᠵᠦ ᠰᠤᠳᠤᠯᠤᠭᠰᠠᠨ 70 ᠵᠢᠯ ᠤᠨ ᠲᠤᠷᠰᠢᠬᠢ ᠡᠷᠳᠡᠮ | ᠰᠢᠨᠵᠢᠯᠡᠭᠡᠨ ᠤ ᠶᠠᠪᠤᠴᠠ ᠪᠠ ᠭᠤᠤᠯᠳᠠᠯᠭ᠎ᠠ ᠶᠢ ᠪᠦᠬᠦ ᠲᠠᠯ᠎ᠠ ᠪᠠᠷ ᠡᠷᠭᠢᠴᠡᠭᠦᠯᠦᠨ ᠡᠮᠬᠢᠯᠡᠬᠦ ᠶᠢᠨ ᠬᠠᠮᠳᠤ᠂ ᠠᠤᠬᠠᠨ ᠬᠤᠰᠢᠭᠤᠨ ᠤ ᠶᠤᠸᠠᠨ ᠪᠦᠦ ᠱᠠᠨ ᠤ | ᠴᠢᠯᠠᠭᠤᠨ ᠪᠤᠩᠬᠤᠨ ᠤ ᠬᠠᠮᠤᠭ ᠤᠨ ᠰᠢᠨ᠎ᠡ ᠬᠠᠭᠤᠴᠢ ᠰᠤᠳᠤᠯᠤᠯ ᠤᠨ ᠦᠷ᠎ᠡ ᠪᠦᠲᠦᠭᠡᠯ ᠢ ᠨᠡᠶᠢᠭᠡᠮ ᠨᠡᠶᠢᠳᠡ ᠳᠤ ᠠᠩᠬ᠎ᠠ ᠨᠡᠶᠢᠲᠡᠯᠡᠨ᠎ᠠ᠃ | |