ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠵᠡᠷᠭᠡ 6 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠮᠠᠰᠢᠨ ᠲᠡᠷᠭᠡ ᠪᠠᠷ ᠰᠢᠨ᠎ᠡ ᠶᠢ ᠰᠣᠯᠢᠬᠤ | ᠨᠠᠷᠢᠨ ᠳᠦᠷᠢᠮ︾ ᠳᠠᠷᠤᠮᠠᠯᠯᠠᠨ ᠲᠠᠷᠬᠠᠭᠠᠵᠤ᠂ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠮᠠᠰᠢᠨ ᠲᠡᠷᠭᠡ ᠶᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠ ᠰᠣᠯᠢᠵᠤ ᠰᠢᠨᠡᠳᠬᠡᠬᠦ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠮᠠᠰᠢᠨ ᠲᠡᠷᠭᠡᠨ ᠤ ᠬᠡᠷᠡᠭᠯᠡᠭᠡ ᠶᠢ | ᠲᠣᠭᠲᠠᠪᠤᠷᠢᠵᠢᠭᠤᠯᠤᠨ ᠥᠷᠭᠡᠳᠬᠡᠬᠦ ᠪᠠᠷ ᠪᠣᠶ᠃ | | | | | | ᠨᠠᠷᠢᠨ ᠳᠦᠷᠢᠮ ᠢ ᠦᠨᠳᠦᠰᠦᠯᠡᠪᠡᠯ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠲᠠᠯ᠎ᠠ ᠪᠠᠷ᠂ ᠬᠤᠪᠢ ᠬᠥᠮᠥᠨ ᠲᠣᠰ ᠬᠥᠮᠥᠨ ᠤ | ᠨᠡᠷ᠎ᠡ ᠳᠣᠣᠷᠠᠬᠢ ᠤᠯᠤᠰ ᠤᠨ ᠭᠤᠷᠪᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣᠨ ᠤ | ᠮᠠᠰᠢᠨ ᠲᠡᠷᠭᠡ ᠪᠤᠶᠤ 2018 ᠣᠨ ᠤ 4 ᠰᠠᠷ᠎ᠠ ᠶᠢᠨ 30 ᠤ ᠡᠳᠦᠷ ᠠᠴᠠ ᠡᠮᠦᠨ᠎ᠡ ᠳᠠᠩᠰᠠᠯᠠᠭᠤᠯᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ | ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠤᠪᠠᠯ ᠮᠠᠰᠢᠨ ᠲᠡᠷᠭᠡ ᠪᠤᠯᠭᠠᠨ ᠳᠤ 20000 | ᠲᠥᠭᠦᠷᠢᠭ ᠤᠨ ᠨᠥᠬᠦᠪᠦᠷᠢ ᠭᠤᠶᠤᠴᠢᠯᠠᠵᠤ ᠪᠣᠯᠣᠨ᠎ᠠ᠃ ᠤᠯᠤᠰ ᠤᠨ ᠭᠤᠷᠪᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ | ᠪᠠᠷᠢᠮᠵᠢᠶᠠᠲᠤ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠭᠠᠳᠠᠭᠰᠢᠯᠠᠭᠤᠯᠬᠤ ᠪᠠᠷᠢᠮᠵᠢᠶ᠎ᠠ ᠨᠢ 2.0L ︵ | ᠪᠠᠭᠲᠠᠭᠠᠨ᠎ᠠ︶ ᠳᠣᠷᠣᠭᠰᠢᠬᠢ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠶᠢ ᠬᠤᠳᠠᠯᠳᠤᠨ ᠠᠪᠬᠤ ᠳᠤ 15000 ᠲᠥᠭᠦᠷᠢᠭ ᠤᠨ ᠨᠥᠬᠦᠪᠦᠷᠢ | ᠭᠤᠶᠤᠴᠢᠯᠠᠵᠤ ᠪᠣᠯᠣᠨ᠎ᠠ᠃ | ᠮᠠᠰᠢᠨ ᠲᠡᠷᠭᠡ ᠶᠢ ᠰᠣᠯᠢᠵᠤ ᠰᠢᠨᠡᠳᠬᠡᠬᠦ ᠲᠠᠯ᠎ᠠ ᠪᠠᠷ᠂ ᠬᠤᠪᠢ ᠬᠥᠮᠥᠨ ᠤ ᠥᠪᠡᠷ ᠤᠨ ᠨᠡᠷ᠎ᠡ ᠳᠣᠣᠷᠠᠬᠢ ᠰᠢᠲᠠᠭᠠᠯᠭ᠎ᠠ ᠶᠢᠨ ᠲᠣᠰᠣᠨ ᠤ ᠪᠤᠶᠤ ᠰᠢᠨ᠎ᠡ | ᠡᠨᠧᠷᠭᠢ ᠶᠢᠨ ᠮᠠᠰᠢᠨ ᠲᠡᠷᠭᠡ ᠪᠠᠨ ᠰᠢᠯᠵᠢᠭᠦᠯᠦᠨ ᠥᠭᠬᠦ ᠶᠢᠨ ᠬᠠᠮᠲᠤ ᠣᠷᠣᠨ ᠤ ᠳᠣᠲᠣᠷ᠎ᠠ ᠠᠴᠠ ᠰᠢᠨ᠎ᠡ ᠮᠠᠰᠢᠨ ᠲᠡᠷᠭᠡ ᠬᠤᠳᠠᠯᠳᠤᠨ ᠠᠪᠬᠤ ᠳᠤ᠂ | ᠨᠢᠭᠡ ᠤᠳᠠᠭ᠎ᠠ ᠶᠢᠨ ᠴᠢᠨᠠᠷᠲᠠᠢ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ ᠭᠤᠶᠤᠴᠢᠯᠠᠵᠤ ᠪᠣᠯᠣᠨ᠎ᠠ᠃ ᠮᠠᠰᠢᠨ ᠲᠡᠷᠭᠡ ᠬᠤᠳᠠᠯᠳᠤᠨ ᠠᠪᠤᠭᠰᠠᠨ | ᠪᠠᠷᠢᠮᠲᠠ ᠶᠢᠨ ᠵᠣᠭᠤᠰ ᠤᠨ ᠲᠤᠭ᠎ᠠ ᠶᠢᠨ ᠶᠡᠭᠡ ᠪᠠᠭ᠎ᠠ ᠶᠢ ᠦᠨᠳᠦᠰᠦᠯᠡᠨ᠂ ᠰᠢᠨ᠎ᠡ ᠪᠠᠷ ᠬᠤᠳᠠᠯᠳᠤᠨ ᠠᠪᠤᠭᠰᠠᠨ ᠮᠠᠰᠢᠨ ᠲᠡᠷᠭᠡ ᠨᠢ ᠰᠢᠨ᠎ᠡ ᠡᠨᠧᠷᠭᠢ ᠶᠢᠨ | ᠮᠠᠰᠢᠨ ᠲᠡᠷᠭᠡ ᠪᠠᠶᠢᠪᠠᠯ ᠨᠥᠬᠦᠪᠦᠷᠢ ᠶᠢ 18000 ᠲᠥᠭᠦᠷᠢᠭ᠂ 16000 ᠲᠥᠭᠦᠷᠢᠭ᠂ 14000 ᠲᠥᠭᠦᠷᠢᠭ ᠭᠡᠵᠦ ᠬᠤᠪᠢᠶᠠᠨ᠎ᠠ᠃ ᠰᠢᠨ᠎ᠡ ᠪᠠᠷ | ᠬᠤᠳᠠᠯᠳᠤᠨ ᠠᠪᠤᠭᠰᠠᠨ ᠮᠠᠰᠢᠨ ᠲᠡᠷᠭᠡ ᠨᠢ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠪᠠᠶᠢᠪᠠᠯ ᠨᠥᠬᠦᠪᠦᠷᠢ ᠶᠢ 15000 ᠲᠥᠭᠦᠷᠢᠭ᠂ 13000 | ᠲᠥᠭᠦᠷᠢᠭ᠂ 11000 ᠲᠥᠭᠦᠷᠢᠭ ᠭᠡᠵᠦ ᠬᠤᠪᠢᠶᠠᠨ᠎ᠠ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠳᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠳᠠᠨᠢᠯᠴᠠᠭᠤᠯᠤᠬᠰᠠᠨ ᠢᠶᠠᠷ᠂ | ᠪᠡᠯᠡ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠷᠳᠣ ᠬᠤᠭᠤᠴᠠᠭᠠᠨ ᠤ | ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠲᠣᠬᠢᠷᠠᠭᠤᠯᠤᠨ ᠣᠷᠣᠨ ᠨᠤᠲᠤᠭ ᠤᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠬᠦ ᠳᠤ ᠬᠡᠷᠡᠭᠯᠡᠵᠦ᠂ ᠡᠭᠦᠨ ᠳᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ | ᠪᠡᠯᠡ ᠮᠥᠩᠭᠦ ᠶᠢ 9.5᠄ 0.5 ᠶᠢᠨ ᠵᠠᠷᠴᠢᠮ ᠶᠣᠰᠣᠭᠠᠷ ᠲᠥᠪ ᠬᠢᠭᠡᠳ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠬᠤᠪᠢᠳᠠᠨ ᠡᠭᠦᠷᠭᠡᠯᠡᠵᠦ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠪᠡᠯᠡ | ᠮᠥᠩᠭᠦ ᠶᠢ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠠᠶᠢᠮᠠᠭ ᠬᠤᠲᠠ ᠳᠤ ᠬᠤᠪᠢᠶᠠᠨ ᠪᠠᠭᠤᠯᠭᠠᠨ᠎ᠠ᠃ | ᠮᠠᠨ ᠤ ᠤᠷᠤᠨ ᠪᠠᠰᠠ ᠮᠠᠰᠢᠨ ᠲᠡᠷᠭᠡ ᠶᠢ ᠰᠣᠯᠢᠵᠤ ᠰᠢᠨᠡᠳᠬᠡᠬᠦ ᠨᠥᠬᠦᠪᠦᠷᠢ ᠶᠢᠨ ᠶᠠᠪᠤᠴᠠ ᠶᠢ ᠲᠣᠳᠣᠷᠬᠠᠶᠢᠯᠠᠵᠤ᠂ ᠡᠯ᠎ᠡ ᠠᠶᠢᠮᠠᠭ ᠬᠤᠲᠠ ᠶᠢᠨ | ᠬᠤᠳᠠᠯᠳᠤᠭᠠᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ | ᠮᠥᠴᠢᠷ ᠤᠳ ᠬᠠᠮᠢᠶ᠎ᠠ ᠪᠦᠬᠦᠢ ᠲᠠᠪᠴᠠᠩ ᠢᠶᠠᠷ ᠳᠠᠮᠵᠢᠭᠤᠯᠤᠨ ᠭᠤᠶᠤᠴᠢᠯᠠᠭᠰᠠᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠬᠢᠨᠠᠨ | ᠬᠠᠷᠭᠤᠭᠤᠯᠤᠭᠰᠠᠨ ᠤ ᠳᠠᠷᠠᠭ᠎ᠠ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠪᠡᠯᠡ ᠮᠥᠩᠭᠦ ᠶᠢ ᠴᠠᠭ | ᠲᠤᠬᠠᠢ ᠳᠤᠨᠢ ᠬᠡᠷᠡᠭᠯᠡᠭᠴᠢᠳ ᠲᠤ ᠰᠢᠯᠵᠢᠭᠦᠯᠦᠨ ᠦᠭᠬᠦ ᠬᠡᠷᠡᠭᠳᠡᠢ ᠭᠡᠪᠡ᠃ |