ᠣᠨᠴᠠᠯᠢᠭᠲᠣ ᠰᠢᠨ᠎ᠡ ᠰᠣᠷᠭᠤᠭ ᠢᠳᠡᠭᠡᠨ ᠤ ᠰᠢᠰᠢ ᠶᠢᠨ ᠦᠢᠯᠡᠳᠪᠦᠷᠢᠯᠡᠯ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠪᠡ
ᠨᠡᠶᠢᠲᠡᠯᠡᠭᠰᠡᠨ ᠴᠠᠭ᠄
2024/9/25
    ᠤᠢᠢᠷ᠎ᠠ ᠶᠢᠨ ᠡᠳᠦᠷ᠂ ᠰᠣᠷᠪᠣᠯᠵᠢᠯᠠᠭᠴᠢ ᠶᠢ ᠥᠪᠥᠷ ᠮᠣᠩᠭᠤᠯ ᠤᠨ ᠲᠢᠶᠠᠨ ᠯᠢ ᠢᠣ ᠮᠢ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠰᠣᠷᠭᠤᠭ ᠢᠳᠡᠭᠡᠨ ᠤ ᠰᠢᠰᠢ ᠶᠢ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠲᠤ ᠬᠦᠷᠬᠦ ᠳᠤ᠂ ᠭᠤᠶᠣ ᠰᠢᠷᠭᠠᠯ ᠦᠩᠭᠡ ᠲᠠᠢ ᠂  ᠪᠦᠲᠦᠭᠦᠨ ᠪᠦᠳᠦᠬᠦᠨ ᠮᠥᠬᠦᠯᠢᠭ ᠲᠠᠢ ᠰᠢᠰᠢ ᠤᠳ ᠢ ᠰᠢᠯᠢᠬᠦ᠂ ᠬᠠᠯᠢᠰᠤ ᠶᠢ ᠨᠢ ᠱᠠᠭᠠᠯᠬᠤ᠂ ᠬᠡᠷᠴᠢᠬᠦ᠂ ᠤᠬᠢᠶᠠᠵᠤ ᠴᠡᠪᠡᠷᠯᠡᠬᠦ᠂ ᠪᠣᠭᠤᠳᠠᠯᠯᠠᠬᠤ ᠵᠡᠷᠭᠡ ᠶᠠᠪᠤᠴᠠ ᠪᠠᠷ  ᠲᠠᠮᠵᠢᠭᠤᠯᠤᠨ  ᠬᠤᠳᠠᠯᠳᠣᠭᠠᠨ ᠳᠤ ᠭᠠᠷᠭᠠᠬᠤ ᠪᠠᠷ ᠪᠡᠯᠡᠳᠭᠡᠨ᠎ᠡ᠃    2023 ᠣᠨ ᠤ 4 ᠰᠠᠷ᠎ᠠ ᠳᠤ᠂ ᠥᠪᠥᠷ ᠮᠣᠩᠭᠤᠯ ᠤᠨ ᠲᠢᠶᠠᠨ ᠯᠢ ᠢᠤ ᠮᠢ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠰᠢᠶᠠᠨ ᠹᠧᠩ ᠪᠠᠯᠭᠠᠰᠤᠨ ᠤ ᠰᠦᠮᠡᠲᠣ ᠲᠣᠰᠬᠤᠨ ᠳᠤ᠂ ᠰᠢᠯᠦᠬᠡᠶ ᠡᠷᠳᠡᠨᠢ ᠰᠢᠰᠢ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠢ ᠬᠡᠷᠡᠭᠵᠢᠭᠦᠯᠪᠡ᠃ ᠦᠢᠯᠡᠳᠪᠦᠷᠢᠯᠡᠯ ᠤᠨ ᠶᠠᠪᠤᠴᠠ ᠳᠤ᠂ ᠲᠣᠰ ᠺᠣᠮᠫᠠᠨᠢ ᠨᠢ ︽   ᠡᠬᠦᠷᠢᠳᠠ ᠰᠢᠨ᠎ᠡ ᠰᠣᠷᠭᠤᠭ ᠢ ᠬᠠᠳᠠᠭᠠᠯᠠᠬᠤ︾  ᠶᠢ ᠵᠢᠷᠤᠮᠯᠠᠨ᠂ ᠶᠠᠰᠤ ᠴᠢᠨᠠᠷ ᠢᠶᠠᠷ ᠢᠯᠭᠠᠬᠤ᠂ ᠥᠨᠳᠥᠷ ᠳᠤᠯᠠᠭᠠᠨ ᠢᠶᠠᠷ ᠪᠠᠺᠲ᠋ᠧᠷᠢ ᠤᠰᠠᠳᠬᠠᠵᠤ ᠵᠢᠩᠨᠡᠬᠦ᠂ ᠪᠦᠲᠦᠭᠡᠭᠳᠡᠬᠦᠨ ᠢ ᠪᠣᠭᠤᠳᠠᠯᠯᠠᠬᠤ ᠵᠡᠷᠭᠡ ᠣᠲᠣ ᠦᠶ᠎ᠡ ᠶᠢᠨ ᠢᠳᠡᠭᠡᠨ ᠢ ᠪᠣᠯᠪᠠᠰᠤᠷᠠᠭᠤᠯᠬᠤ ᠶᠠᠪᠤᠴᠠ ᠶᠢ ᠦᠨᠳᠦᠰᠦᠯᠡᠨ᠂ ᠰᠢᠰᠢ ᠶᠢ ᠡᠳ᠋ᠰᠢᠭᠦᠯᠦᠨ ᠵᠥᠭᠡᠯᠡᠨ ᠠᠮᠲᠠᠲᠠᠶ᠂ ᠣᠭᠤᠲᠠᠨ ᠠᠴᠠ ᠪᠡᠯᠡᠨ ᠢᠳᠡᠬᠦ ᠰᠢᠨ᠎ᠡ ᠰᠣᠷᠭᠤᠭ   ᠠᠮᠲᠠᠯᠢᠭ ᠰᠢᠰᠢ ᠪᠣᠯᠭᠠᠪᠠ᠃ ᠲᠣᠰ ᠺᠣᠮᠫᠠᠨᠢ ᠨᠢ 1500 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ 52 ᠮᠦ ᠭᠠᠵᠠᠷ ᠢ  ᠡᠵᠡᠯᠡᠨ ᠰᠢᠯᠦᠬᠡᠶ ᠡᠷᠳᠡᠨᠢ ᠰᠢᠰᠢ ᠶᠢ ᠠᠩᠬ᠎ᠠ ᠪᠣᠯᠪᠠᠰᠤᠷᠠᠭᠤᠯᠬᠤ ᠰᠠᠭᠤᠷᠢᠨ ᠢ ᠪᠠᠶᠢᠭᠤᠯᠵᠤ᠂ 3500 ᠲᠡᠭᠰᠢ ᠳᠥᠷᠪᠡᠯᠵᠢᠨ  ᠮᠧᠲᠷ ᠤᠨ ᠦᠢᠯᠡᠳᠪᠦᠷᠢᠯᠡᠯ ᠤᠨ ᠪᠣᠭᠤᠳᠠᠯᠯᠠᠬᠤ ᠲᠠᠰᠤᠭ ᠢ ᠪᠠᠶᠢᠭᠤᠯᠵᠤ᠂ ᠵᠢᠯ ᠳᠤ 1000 ᠲᠦᠮᠡᠨ ᠰᠢᠳᠠᠮ ᠤᠨ ᠰᠢᠯᠦᠬᠡᠶ ᠡᠷᠳᠡᠨᠢ ᠰᠢᠰᠢ ᠶᠢ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠪᠣᠯᠤᠨ 2700 ᠲᠡᠭᠰᠢ ᠳᠥᠷᠪᠡᠯᠵᠢᠨ ᠮᠧᠲᠷ ᠤᠨ ᠰᠢᠨ᠎ᠡ ᠰᠣᠷᠭᠤᠭ ᠪᠠᠶᠢᠯᠭᠠᠬᠤ ᠬᠦᠢᠳᠡᠨ ᠬᠥᠮᠥᠷᠭᠡ ᠶᠢ ᠢᠵᠢ  ᠪᠦᠷᠢᠳᠦᠬᠦᠯᠪᠡ᠃   ᠣᠶᠢᠯᠠᠭᠠᠭᠰᠠᠨ ᠢᠶᠠᠷ᠂ ᠲᠣᠰ ᠺᠣᠮᠫᠠᠨᠢ ᠨᠢ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠳᠠᠷᠢᠬᠤ — ᠡᠳ᠋ᠰᠢᠭᠦᠯᠬᠦ — ᠪᠣᠷᠣᠯᠠᠭᠤᠯᠬᠤ︾ ᠬᠡᠯᠬᠢᠶᠡᠵᠢᠭᠰᠡᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠪᠠ᠃ ᠡᠨᠡ ᠵᠢᠯ 2000 ᠭᠠᠷᠤᠶ ᠮᠥ ᠰᠢᠯᠦᠬᠡᠶ ᠡᠷᠳᠡᠨᠢ ᠰᠢᠰᠢ ᠶᠢ ᠳᠠᠷᠢᠵᠤ᠂ 90% ᠶᠢᠨ ᠵᠠᠬᠢᠶᠠᠯᠠᠭ᠎ᠠ ᠶᠢᠨ ᠬᠠᠭᠤᠳᠠᠰᠤ ᠲᠠᠢ ᠲᠠᠷᠢᠨ᠂ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠲᠠᠢ ᠭᠡᠷ᠎ᠡ ᠲᠣᠭᠲᠠᠵᠤ ᠱᠠᠲᠤ ᠬᠤᠪᠢᠶᠠᠨ ᠳᠠᠷᠢᠵᠤ ᠬᠠᠳᠤᠵᠤ ᠬᠤᠷᠢᠶᠠᠨ᠎ᠠ᠂ ᠮᠥ ᠪᠦᠷᠢ ᠳᠤ ᠳᠤᠮᠳᠠᠴᠢ ᠪᠠᠷ 4000 ᠰᠢᠯᠦᠬᠡᠢ ᠡᠷᠳᠡᠨᠢ ᠰᠢᠰᠢ ᠬᠤᠷᠢᠶᠠᠵᠤ᠂ ᠠᠵᠤ ᠠᠬᠤᠶᠢᠯᠠᠯ ᠨᠢ 0.65 ᠲᠥᠭᠦᠷᠢᠭ \ ᠰᠢᠳᠠᠮ ᠢᠶᠠᠷ ᠬᠤᠳᠠᠯᠳᠣᠨ ᠠᠪᠴᠣ᠂ ᠲᠠᠷᠢᠶᠠᠴᠢᠨ ᠡᠷᠦᠬᠡ ᠶᠢᠨ ᠮᠥ ᠪᠦᠷᠢ ᠶᠢᠨ ᠳᠤᠮᠳᠠᠴᠢ ᠣᠷᠣᠯᠭ᠎ᠠ ᠨᠢ 2600 ᠲᠥᠭᠦᠷᠢᠭ ᠲᠤ ᠬᠦᠷᠴᠣ᠂  ᠲᠠᠷᠢᠶᠠᠴᠢᠳ ᠤᠨ ᠣᠣᠯ  ᠤᠨ ᠲᠠᠷᠢᠶᠠᠨ ᠭᠠᠵᠠᠷ ᠲᠤ ᠲᠠᠷᠢᠭᠰᠠᠨ ᠡᠷᠳᠡᠨᠢ ᠰᠢᠰᠢ ᠠᠴᠠ ᠮᠥ ᠪᠦᠷᠢ ᠳᠤᠮᠳᠠᠴᠢ ᠪᠠᠷ 500 ᠲᠥᠭᠦᠷᠢᠭ ᠨᠡᠮᠡᠭᠳᠡᠪᠡ᠃ ᠡᠨᠡ ᠵᠢᠯ᠂ ᠲᠣᠰ ᠺᠣᠮᠫᠠᠨᠢ ᠨᠢ ᠬᠡᠪᠴᠢᠶ᠎ᠡ ᠪᠠᠨ ᠥᠷᠭᠡᠳᠬᠡᠭᠰᠡᠨ ᠤ ᠳᠠᠷᠠᠭ᠎ᠠ᠂ ᠡᠳᠦᠷ ᠪᠦᠷᠢ 20 ᠲᠦᠮᠡᠨ ᠰᠢᠳᠠᠮ ᠤᠨ ᠰᠢᠨ᠎ᠡ ᠰᠣᠷᠭᠤᠭ ᠢᠳᠡᠭᠡᠨ ᠤ ᠰᠢᠰᠢ ᠶᠢ ᠦᠢᠯᠡᠳᠪᠦᠷᠢᠯᠡᠵᠦ᠂ ᠠᠵᠢᠯᠴᠢᠨ ᠬᠡᠷᠡᠭᠯᠡᠬᠦ ᠣᠷᠭᠢᠯ ᠤᠨ ᠬᠤᠭᠤᠴᠠᠭᠠᠨ ᠳᠤ 150 ᠭᠠᠷᠤᠶ ᠲᠠᠷᠢᠶᠠᠴᠢᠨ ᠡᠷᠦᠬᠡ ᠶᠢ ᠬᠥᠯᠥᠰᠥᠯᠡᠵᠦ᠂ ᠬᠥᠮᠦᠨ ᠳᠤᠮᠳᠠᠴᠢ ᠶᠢᠨ ᠣᠷᠣᠯᠭ᠎ᠠ ᠨᠢ 2 ᠲᠦᠮᠡᠨ ᠲᠥᠭᠦᠷᠢᠭ  ᠨᠡᠮᠡᠭᠳᠡᠨ᠂ ᠲᠤᠬᠠᠶ ᠶᠢᠨ ᠭᠠᠵᠠᠷ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠭᠰᠠᠨ ᠪᠠᠶᠢᠨ᠎ᠠ᠃   ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠤ ᠠᠵᠤ  ᠦᠢᠯᠡᠰ ᠤᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠲᠠᠷᠢᠮᠠᠯ ᠤᠨ ᠪᠦᠲᠦᠴᠡ ᠳᠤ ᠴᠠᠭ ᠲᠤᠨᠢ ᠳᠣᠭᠢᠷᠠᠭᠤᠯᠤᠨ ᠲᠣᠬᠢᠷᠠᠭᠤᠯᠤᠯᠲᠠ ᠬᠢᠵᠦ ᠂ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢ ᠠᠮᠢ ᠠᠬᠤᠶᠢᠵᠢᠭᠤᠯᠬᠤ᠂ ᠴᠢᠨᠠᠷᠵᠢᠭᠤᠯᠬᠤ᠂ ᠣᠨᠴᠠᠯᠢᠬᠵᠢᠭᠤᠯᠬᠤ᠂ ᠠᠵᠤ ᠦᠶᠢᠯᠡᠰᠵᠢᠭᠦᠯᠬᠦ ᠶᠢ ᠪᠠᠷᠢᠮᠲᠠᠯᠠᠨ᠂ ᠲᠠᠷᠢᠶᠠᠯᠠᠩ ᠤᠨ ᠲᠠᠷᠢᠮᠠᠯ ᠢ ︽ᠲᠠᠩ ᠴᠤᠯᠭᠤᠶ︾ ᠪᠠᠶᠢᠭᠰᠠᠨ ᠠᠴᠠ ︽ᠣᠯᠠᠨ ᠡᠰᠢᠵᠢᠭᠦᠯᠬᠦ︾ ᠳᠠᠰᠢ ᠬᠤᠪᠢᠷᠠᠭᠤᠯᠵᠤ᠂ ︽ᠰᠠᠶᠢᠨ ᠳᠠᠷᠢᠵᠤ︾ ᠪᠠᠶᠢᠭᠰᠠᠨ ᠠᠴᠠ ︽ᠰᠠᠶᠢᠨ ᠬᠤᠳᠠᠯᠳᠤᠬᠤ︾ ᠳᠠᠰᠢ ᠬᠤᠪᠢᠷᠠᠭᠤᠯᠵᠤ᠂ ᠲᠠᠷᠢᠮᠠᠯ ᠤᠨ ᠡᠷᠦᠬᠡ ᠶᠢᠨ ᠰᠢᠯᠦᠬᠡᠶ ᠡᠷᠳᠡᠨᠢ ᠰᠢᠰᠢ ᠵᠡᠷᠭᠡ ᠠᠵᠤ ᠠᠬᠤᠶ ᠶᠢᠨ ᠲᠠᠷᠢᠮᠠᠯ ᠳᠠᠷᠢᠬᠤ ᠶᠢ ᠢᠳᠡᠪᠬᠢᠲᠡᠶ ᠪᠠᠷ ᠵᠣᠷᠢᠭᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠲᠦᠭᠰᠢᠭᠦᠷᠢ ᠶᠢ ᠪᠠᠭᠤᠷᠠᠭᠤᠯᠵᠤ᠂ ᠲᠠᠷᠢᠶᠠᠯᠠᠩ ᠤᠨ ᠴᠢᠨᠠᠷ ᠰᠠᠶᠢᠲᠠᠶ᠂ ᠥᠨᠳᠥᠷ ᠦᠷ᠎ᠡ ᠠᠰᠢᠭ ᠲᠠᠢ ᠴᠢᠭᠯᠡᠯ ᠳᠠᠰᠢ ᠬᠥᠭᠵᠢᠭᠦᠯᠬᠦ ᠶᠢ ᠳᠥᠯᠭᠢᠨ ᠠᠬᠢᠭᠤᠯᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ