ᠤᠷᠠᠳ ᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ 41 ᠳ᠋ᠦ᠋ᠭᠡᠷ ᠬᠤᠭᠤᠴᠠᠭᠠᠨ ᠤ ᠪᠦᠬᠦ ᠤᠯᠤᠰ ᠤᠨ ᠹᠢᠽᠢᠺ ᠤᠨ ᠣᠯᠢᠮᠫᠢᠺ ᠤᠨ ᠤᠷᠤᠯᠳᠤᠭᠠᠨ ᠳᠤ ᠢᠷᠠᠭᠤ ᠠᠯᠳᠠᠷ ᠬᠦᠷᠲᠡᠪᠡ
ᠨᠡᠶᠢᠲᠡᠯᠡᠭᠰᠡᠨ ᠴᠠᠭ᠄
2024/9/25
    2024 ᠣᠨ ᠤ 9 ᠰᠠᠷ᠎ᠠ ᠶᠢᠨ 23 ᠤ ᠡᠳᠦᠷ᠂ 41 ᠳ᠋ᠦ᠋ᠭᠡᠷ ᠬᠤᠭᠤᠴᠠᠭᠠᠨ ᠤ ᠪᠥᠬᠦ ᠤᠯᠤᠰ ᠤᠨ ᠹᠢᠽᠢᠺ ᠤᠨ ᠣᠯᠢᠮᠫᠢᠺ ᠤᠨ ᠤᠷᠤᠯᠳᠤᠭᠠᠨ ᠥᠨᠳᠥᠷᠯᠡᠪᠡ᠃ ᠤᠷᠠᠳ ᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ 2 ᠰᠣᠷᠣᠭᠴᠢ ᠮᠤᠵᠢ ᠶᠢᠨ ᠤᠷᠤᠯᠳᠤᠭᠠᠨ ᠤ ᠲᠣᠭᠤᠷᠢᠭ ᠤᠨ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ 4 ᠰᠣᠷᠣᠭᠴᠢ ᠮᠤᠵᠢ ᠶᠢᠨ ᠤᠷᠤᠯᠳᠤᠭᠠᠨ ᠤ ᠲᠣᠭᠤᠷᠢᠭ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠃ ᠡᠨᠡ ᠨᠢ ᠪᠠᠶᠠᠨᠨᠠᠭᠤᠷ ᠬᠤᠲᠠ ᠶᠢᠨ ᠲᠣᠰ ᠬᠤᠭᠤᠴᠠᠭᠠᠨ ᠤ ᠣᠯᠢᠮᠫᠢᠺ ᠤᠨ ᠹᠢᠽᠢᠺ ᠤᠨ ᠤᠷᠤᠯᠳᠤᠭᠠᠨ ᠳᠤ ᠣᠷᠣᠯᠴᠠᠭᠰᠠᠨ ᠰᠤᠷᠭᠠᠭᠤᠯᠢ ᠶᠢᠨ ᠳᠣᠲᠣᠷᠠᠬᠢ ᠴᠣᠷ ᠤᠨ ᠭᠠᠭᠴᠠ ᠤᠷᠤᠯᠳᠤᠭᠠᠨ ᠤ ᠲᠣᠭᠤᠷᠢᠭ ᠤᠨ ᠨᠢᠭᠡᠳᠦᠭᠡᠷ ᠳᠡᠰ ᠤᠨ ᠱᠠᠩᠨᠠᠯ ᠬᠦᠷᠲᠡᠭᠰᠡᠨ ᠰᠤᠷᠭᠠᠭᠤᠯᠢ ᠪᠣᠯᠤᠨ᠎ᠠ᠃

微信图片_20240925161501.bmp

     ᠱᠠᠩᠨᠠᠯ ᠣᠯᠤᠭᠰᠠᠨ ᠨᠡᠷᠡᠰ᠄

 ᠶᠤᠸᠠᠨ ᠵᠣᠣ ᠴᠢᠶᠠᠨ ᠮᠤᠵᠢ ᠶᠢᠨ ᠤᠷᠤᠯᠳᠤᠭᠠᠨ ᠤ ᠲᠣᠭᠤᠷᠢᠭ ᠤᠨ ᠨᠢᠭᠡᠳᠦᠭᠡᠷ ᠳᠡᠰ ᠤᠨ ᠱᠠᠩᠨᠠᠯ ᠭᠥᠷᠳᠡᠪᠡ

 ᠰᠢᠶᠧ ᠮᠢᠩ ᠶᠠᠩ ᠮᠤᠵᠢ ᠶᠢᠨ ᠤᠷᠤᠯᠳᠤᠭᠠᠨ ᠤ ᠲᠣᠭᠤᠷᠢᠭ ᠤᠨ ᠨᠢᠭᠡᠳᠦᠭᠡᠷ ᠳᠡᠰ ᠤᠨ ᠱᠠᠩᠨᠠᠯ ᠭᠥᠷᠳᠡᠪᠡ

 ᠢᠦᠢ ᠪᠦᠦ ᠵᠧᠨ ᠮᠤᠵᠢ ᠶᠢᠨ ᠤᠷᠤᠯᠳᠤᠭᠠᠨ ᠤ ᠲᠣᠭᠤᠷᠢᠭ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ

 ᠯᠢ ᠴᠥᠩ ᠳ᠋ᠧ ᠮᠤᠵᠢ ᠶᠢᠨ ᠤᠷᠤᠯᠳᠤᠭᠠᠨ ᠤ ᠲᠣᠭᠤᠷᠢᠭ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ 

 ᠬᠤᠤ ᠫᠧᠩ ᠢ ᠮᠤᠵᠢ ᠶᠢᠨ ᠤᠷᠤᠯᠳᠤᠭᠠᠨ ᠤ ᠲᠣᠭᠤᠷᠢᠭ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ

 ᠸᠠᠩ ᠢ ᠴᠢᠩ ᠮᠤᠵᠢ ᠶᠢᠨ ᠤᠷᠤᠯᠳᠤᠭᠠᠨ ᠤ ᠲᠣᠭᠤᠷᠢᠭ ᠤᠨ ᠬᠤᠶᠠᠳᠤᠭᠠᠷ ᠳᠡᠰ ᠤᠨ ᠱᠠᠩᠨᠠᠯ ᠬᠦᠷᠲᠡᠪᠡ

  

   ᠤᠷᠤᠯᠳᠤᠭᠠᠨ ᠢ ᠵᠢᠭᠠᠨ ᠵᠢᠯᠣᠭᠤᠳᠣᠭᠰᠠᠨ ᠪᠠᠭᠰᠢ᠄

    ᠯᠦᠸᠧ ᠴᠧᠩ᠂ ᠡᠷᠡᠭᠲᠡᠶ᠂ ᠬᠢᠲᠠᠳ ᠦᠨᠳᠦᠰᠦᠲᠡᠨ᠂ 1987 ᠣᠨ ᠤ 4 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ

ᠭᠡᠰᠢᠭᠦᠨ᠂ ᠣᠲᠣ ᠤᠷᠠᠳ ᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠹᠢᠽᠢᠺ ᠤᠨ ᠪᠠᠭᠰᠢ ᠪᠥᠭᠡᠳ ᠤᠷᠤᠯᠳᠤᠭᠠᠨ ᠤ

ᠰᠤᠷᠭᠠᠭᠴᠢ ᠶᠢ ᠬᠠᠪᠰᠤᠷᠭᠠᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠤᠨ ︽ᠲᠤᠰᠢᠶᠠᠯ ᠬᠠᠪᠰᠤᠷᠭᠠᠭᠰᠠᠨ

ᠵᠢᠭᠠᠨ ᠰᠤᠳᠤᠯᠤᠭᠴᠢ︾  ᠪᠣᠯᠣᠨ᠎ᠠ᠃     ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠳᠤᠮᠳᠠᠳᠤ ᠰᠤᠷᠭᠠᠭᠤᠯᠢ ᠶᠢᠨ ᠹᠢᠽᠢᠺ ᠤᠨ

ᠵᠠᠯᠠᠭᠤ ᠪᠠᠭᠰᠢ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ

ᠰᠤᠷᠭᠠᠭᠤᠯᠢ ᠶᠢᠨ ᠪᠠᠭᠰᠢ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠤ ᠨᠢᠭᠡᠳᠦᠭᠡᠷ ᠨᠡᠷᠡᠰ᠂ ᠬᠤᠲᠠ ᠶᠢᠨ ᠱᠠᠲᠤᠨ ᠤ ︽ᠭᠤᠤᠯᠯᠠᠭᠴᠢ ᠪᠠᠭᠰᠢ︾

᠂ ᠬᠤᠲᠠ ᠶᠢᠨ ᠱᠠᠲᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠹᠢᠽᠢᠺ ᠤᠨ ︽ᠰᠢᠨᠵᠢᠯᠡᠭᠡᠨ ᠤ ᠳᠠᠭᠠᠭᠤᠯᠤᠭᠴᠢ︾᠂ ᠬᠤᠲᠠ ᠶᠢᠨ

ᠱᠠᠲᠤᠨ ᠤ ︽ᠰᠢᠯᠢᠳᠡᠭ ᠵᠢᠭᠠᠨ ᠰᠤᠷᠭᠠᠯᠲᠠ ᠶᠢᠨ ᠴᠢᠳᠠᠪᠤᠷᠢᠲᠠᠨ︾᠂ ︽ᠪᠠᠶᠠᠨᠨᠠᠭᠤᠷ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ︾

  ᠤᠨ ᠬᠦᠷᠲᠡᠭᠴᠢ ᠃   ︽ᠹᠢᠽᠢᠺ ᠤᠨ ᠵᠢᠭᠠᠨ ᠰᠤᠷᠭᠠᠯᠲᠠ︾᠂ ︽ᠹᠢᠽᠢᠺ ᠤᠨ ᠪᠠᠭᠰᠢ︾ ᠵᠡᠷᠭᠡ ᠬᠢᠲᠠᠳ ᠬᠡᠯᠡᠨ ᠤ ᠭᠤᠣᠯ ᠬᠤᠭᠤᠴᠠᠭᠠᠲᠤ

ᠰᠡᠳᠬᠦᠯ ᠳᠤ 40 ᠭᠠᠷᠤᠢ ᠥᠭᠦᠯᠡᠯ ᠨᠡᠶᠢᠲᠡᠯᠡᠵᠦ᠂ ᠵᠢᠭᠠᠨ ᠰᠤᠷᠭᠠᠯᠲᠠ ᠳᠤ ᠬᠡᠷᠡᠭᠯᠡᠬᠦ ᠨᠣᠮ ᠢ 10 ᠭᠠᠷᠤᠢ ᠳᠡᠪᠲᠡᠷ ᠨᠠᠶᠢᠷᠠᠭᠤᠯᠤᠨ ᠪᠢᠴᠢᠬᠦ ᠳᠤ

ᠣᠷᠣᠯᠴᠠᠵᠤ᠂ ᠨᠢᠭᠡ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ᠂ ᠤᠳᠤ ︽ᠹᠢᠽᠢᠺ ᠤᠨ ᠨᠠᠶᠢᠵᠠ︾ ᠶᠢᠨ ᠣᠨᠴᠠ ᠤᠷᠢᠭᠰᠠᠨ ᠡᠬᠡ ᠪᠢᠴᠢᠭ ᠤᠨ

ᠲᠤᠰᠬᠠᠢ ᠮᠡᠷᠭᠡᠵᠢᠯᠲᠡᠨ᠂ ᠤᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠭᠤᠣᠯᠳᠠᠯᠭ᠎ᠠ ᠲᠠᠢ ᠲᠤᠰᠬᠠᠢ ᠰᠡᠳᠦᠪᠲᠦ

ᠬᠤᠶᠠᠷ ᠵᠦᠢᠯ ᠢ ᠡᠷᠬᠢᠯᠡᠵᠦ ᠪᠠᠶᠢᠨ᠎ᠠ᠃

    ᠲᠣᠰ ᠰᠤᠷᠭᠠᠭᠤᠯᠢ ᠶᠢᠨ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠬᠦᠴᠦᠲᠡᠶ ᠳᠡᠮᠵᠢᠯᠭᠡ᠂ ᠹᠢᠽᠢᠺ ᠤᠨ ᠤᠷᠤᠯᠳᠤᠭᠠᠨ ᠤ

ᠳᠠᠰᠬᠠᠯᠵᠢᠭᠤᠯᠤᠭᠴᠢ ᠶᠢᠨ ᠰᠢᠨᠵᠢᠯᠡᠬᠦ ᠤᠬᠠᠭᠠᠨᠴᠢ ᠵᠢᠭᠠᠨ ᠵᠢᠯᠣᠭᠤᠳᠣᠯᠭ᠎ᠠ᠂ ᠠᠩᠭᠢ ᠶᠢᠨ ᠡᠷᠬᠢᠯᠡᠭᠴᠢ ᠪᠣᠯᠤᠨ ᠬᠢᠴᠢᠶᠡᠯ ᠬᠠᠷᠢᠭᠤᠴᠠᠭᠰᠠᠨ ᠪᠠᠭᠰᠢ ᠶᠢᠨ

ᠬᠠᠪᠰᠣᠷᠣᠯᠭ᠎ᠠ ᠵᠢᠴᠢ ᠤᠷᠤᠯᠳᠤᠭᠠᠨ ᠤ ᠳᠤᠭᠤᠶᠢᠯᠠᠩ ᠤᠨ ᠰᠤᠷᠤᠭᠴᠢᠳ ᠤᠨ ᠴᠥᠬᠦᠷᠡᠰᠢ ᠥᠬᠡᠶ ᠴᠢᠷᠮᠠᠶᠢᠯᠭ᠎ᠠ ᠪᠠ ᠪᠠᠷᠢᠮᠲᠠᠯᠠᠯ ᠢᠶᠠᠷ ᠲᠠᠮᠵᠢᠭᠠᠳ ᠲᠣᠰ

ᠤᠳᠠᠭᠠᠨ ᠤ ᠰᠢᠯᠢᠳᠡᠭ ᠬᠢᠷᠢ ᠪᠦᠲᠦᠮᠵᠢ ᠶᠢ ᠣᠯᠤᠭᠰᠠᠨ

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ