ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ᠄ | ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠣᠯᠠᠨ ᠲᠦᠮᠡᠨ ᠪᠠ ᠰᠠᠯᠠᠭ᠎ᠠ ᠮᠥᠴᠢᠷ ᠵᠢᠴᠢ | ᠳᠤᠯᠠᠭᠠᠯᠠᠭ᠎ᠠ ᠬᠠᠩᠭᠠᠬᠤ ᠨᠢᠭᠡᠴᠡ ᠶᠢᠨ ᠬᠠᠷᠢᠯᠴᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠤ ︽ | ᠳᠤᠯᠠᠭᠠᠨ ᠬᠠᠩᠭᠠᠬᠤ ᠢᠨᠵᠧᠨᠧᠷᠢᠩ︾ ᠪᠠ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ | ᠮᠤᠨᠠ ᠪᠠᠯᠭᠠᠰᠤᠨ ᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠣᠨᠴᠠᠭᠠᠶᠢᠯᠠᠨ ᠨᠡᠪᠲᠡᠷᠡᠭᠦᠯᠬᠦ ᠶᠢᠨ ᠬᠠᠮᠲᠤ | ᠦᠢᠯᠡᠴᠢᠯᠡᠭᠡ ᠶᠢ ᠰᠢᠯᠢᠳᠡᠭᠵᠢᠭᠦᠯᠬᠦ ᠪᠠ ᠵᠠᠪᠳᠤᠨ ᠵᠠᠰᠠᠬᠤ ᠡᠩᠨᠡᠭᠡ ᠶᠢ ᠴᠢᠩᠭᠠᠳᠬᠠᠵᠤ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ | ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠬᠠᠯᠠᠮᠰᠢᠯ ᠤᠲᠠᠰᠤᠨ ᠤ ᠦᠢᠯᠡᠴᠢᠯᠡᠭᠡᠨ ᠤ ᠴᠠᠭ | 9 ᠳ᠋ᠦ᠋ᠭᠡᠷ ᠰᠠᠷ᠎ᠠ ᠶᠢᠨ 9 ᠤ ᠡᠳᠦᠷ ᠠᠴᠠ ᠡᠬᠢᠯᠡᠨ 2025 ᠣᠨ ᠤ 5 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ ᠪᠦᠬᠦᠯᠢ ᠡᠳᠦᠷ ᠤᠨ 24 | ᠴᠠᠭ ᠤᠨ ᠬᠠᠯᠠᠮᠰᠢᠯ ᠤᠲᠠᠰᠤᠨ ᠤ ᠦᠢᠯᠡᠴᠢᠯᠡᠭᠡ ᠬᠠᠩᠭᠠᠨ᠎ᠠ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠨ᠎ᠠ︶᠃ | ᠬᠤᠶᠠᠷ᠂ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠣᠷᠣᠨ | ᠮᠣᠨᠠ ᠠᠭᠤᠯᠠ ᠪᠠᠯᠭᠠᠰᠤᠨ ᠤ ᠬᠤᠲᠠ ᠲᠣᠭᠤᠷᠢᠭ ᠤᠨ ᠲᠥᠪᠯᠡᠷᠡᠭᠦᠯᠦᠨ ᠳᠤᠯᠠᠭᠠᠯᠠᠭᠤᠯᠬᠤ ᠬᠡᠰᠡᠭ | ᠭᠤᠷᠪᠠ᠂ ᠬᠠᠯᠠᠮᠰᠢᠯ ᠤᠲᠠᠰᠤᠨ ᠤ ᠦᠢᠯᠡᠴᠢᠯᠡᠭᠡᠨ ᠤ ᠠᠭᠤᠯᠭ᠎ᠠ | ︽ᠳᠤᠯᠠᠭᠠᠨ ᠬᠠᠩᠭᠠᠬᠤ ᠢᠨᠵᠧᠨᠧᠷᠢᠩ︾ ᠢ ᠬᠡᠷᠡᠭᠵᠢᠭᠦᠯᠦᠭᠰᠡᠨ ᠪᠠᠷᠢᠯᠭ᠎ᠠ ᠶᠢᠨ ᠠᠬᠢᠴᠠ᠂ ᠠᠵᠢᠯ ᠳᠠᠭᠤᠰᠤᠭᠰᠠᠨ ᠴᠠᠭ᠂ ᠪᠠᠷᠢᠯᠭ᠎ᠠ ᠶᠢᠨ ᠠᠮᠤᠷ | ᠲᠦᠪᠰᠢᠨ ᠵᠢᠴᠢ ᠣᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠢ ᠨᠥᠯᠥᠭᠡᠯᠡᠬᠦ ᠪᠤᠰᠤᠳ ᠠᠰᠠᠭᠤᠳᠠᠯ ᠵᠢᠴᠢ ᠰᠠᠨᠠᠯ ᠰᠠᠨᠠᠭᠤᠯᠭ᠎ᠠ ᠶᠢ ᠭᠥᠯᠢᠶᠡᠨ | ᠠᠪᠴᠤ ᠰᠢᠢᠳᠪᠦᠷᠢᠯᠡᠨ᠎ᠡ᠃ | ᠳᠤᠯᠠᠭᠠᠯᠠᠭ᠎ᠠ ᠬᠠᠩᠭᠠᠬᠤ ᠬᠤᠭᠤᠴᠠᠭᠠᠨ ᠳᠠᠬᠢ ᠤᠰᠤᠨ ᠤ ᠳᠠᠷᠤᠯᠲᠠ᠂ ᠤᠰᠤᠨ ᠤ ᠳᠤᠯᠠᠭᠠᠨ᠂ ᠬᠤᠭᠤᠯᠠᠢ ᠡᠪᠳᠡᠷᠡᠵᠦ ᠬᠠᠭᠠᠷᠠᠭᠰᠠᠨ ᠵᠡᠷᠭᠡ | ᠬᠠᠮᠢᠶ᠎ᠠ ᠪᠦᠬᠦᠢ ᠠᠰᠠᠭᠤᠳᠠᠯ ᠵᠢᠴᠢ ᠰᠠᠨᠠᠯ ᠰᠠᠨᠠᠭᠤᠯᠭ᠎ᠠ᠂ ᠵᠢᠴᠢ ᠤᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠢ ᠨᠥᠯᠥᠭᠡᠯᠡᠬᠦ ᠪᠤᠰᠤᠳ ᠠᠰᠠᠭᠤᠳᠠᠯ | ᠵᠢᠴᠢ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ | ᠲᠣᠰ ᠵᠢᠯ ᠤᠨ ᠳᠤᠯᠠᠭᠠᠯᠠᠭ᠎ᠠ ᠶᠢᠨ ᠬᠤᠭᠤᠴᠠᠭᠠᠨ ᠤ ᠳᠤᠯᠠᠭᠠᠯᠠᠭ᠎ᠠ ᠶᠢᠨ ᠠᠰᠠᠭᠤᠳᠠᠯ ᠵᠢᠴᠢ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠠᠬᠢᠴᠠ ᠶᠢ | ᠭᠥᠯᠢᠶᠡᠨ ᠠᠪᠴᠤ ᠰᠢᠢᠳᠪᠦᠷᠢᠯᠡᠨ᠎ᠡ᠃ | ᠳᠥᠷᠪᠡ᠂ ᠬᠠᠯᠠᠮᠰᠢᠯ ᠤᠲᠠᠰᠤᠨ ᠤ ᠦᠢᠯᠡᠴᠢᠯᠡᠭᠡᠨ ᠤ ᠳ᠋ᠢᠶᠠᠩᠬᠤᠸᠠ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠢᠯᠴᠢ ᠬᠠᠩᠭᠠᠬᠤ ᠠᠯᠪᠠᠨ ᠬᠡᠷ᠄ | 3605569 | ᠢᠯᠴᠢ ᠬᠠᠩᠭᠠᠬᠤ ᠺᠣᠮᠫᠠᠨᠢ ︵ᠤᠷᠠᠳ ᠤᠨ ᠴᠠᠬᠢᠯᠭᠠᠨ ᠭᠠᠷᠭᠠᠬᠤ ᠦᠢᠯᠡᠳᠪᠦᠷᠢ︶ ᠶᠢᠨ ᠦᠢᠯᠡᠴᠢᠯᠡᠭᠡᠨ ᠤ ᠬᠠᠯᠠᠮᠰᠢᠯ ᠤᠲᠠᠰᠤ᠄ 3666666᠂ | 7970333 | ᠲᠠᠪᠤ᠂ ᠪᠤᠰᠤᠳ ᠶᠠᠪᠤᠳᠠᠯ ᠤᠨ ᠲᠣᠳᠣᠷᠬᠠᠶᠢᠯᠠᠯᠲᠠ | ᠳᠤᠯᠠᠭᠠᠯᠠᠭ᠎ᠠ ᠬᠠᠩᠭᠠᠬᠤ ᠬᠤᠭᠤᠴᠠᠭᠠᠨ ᠳᠤ ᠵᠠᠰᠠᠨ ᠰᠡᠯᠪᠢᠬᠦ ᠪᠠᠷ ᠠᠮᠠᠯᠳᠠᠭᠰᠠᠨ ᠠᠰᠠᠭᠤᠳᠠᠯ ᠢ ᠣᠯᠵᠤ ᠮᠡᠳᠡᠪᠡᠯ᠂ ᠵᠠᠰᠠᠨ ᠰᠡᠯᠪᠢᠬᠦ ᠠᠵᠢᠯᠲᠠᠨ | 30 ᠮᠢᠨᠦ᠋ᠲ ᠤᠨ ᠳᠣᠲᠣᠷ᠎ᠠ ᠲᠤᠬᠠᠢ ᠶᠢᠨ ᠲᠠᠯᠠᠪᠠᠢ ᠳᠤ ᠬᠦᠷᠴᠦ᠂ ᠳᠥᠭᠦᠮᠬᠡᠨ ᠵᠠᠰᠠᠨ ᠰᠡᠯᠪᠢᠬᠦ ᠡᠭᠦᠷᠭᠡ ᠶᠢ 4 ᠴᠠᠭ ᠤᠨ ᠳᠣᠲᠣᠷ᠎ᠠ ᠪᠡᠶᠡᠯᠡᠭᠦᠯᠦᠨ᠎ᠡ︔ | ᠨᠡᠯᠢᠶᠡᠳ ᠪᠤᠳᠤᠯᠢᠶᠠᠨᠲᠠᠢ ᠵᠠᠰᠠᠨ ᠰᠡᠯᠪᠢᠬᠦ ᠡᠭᠦᠷᠭᠡ ᠶᠢ ᠲᠡᠷᠡ ᠳᠠᠷᠤᠢ ᠳᠤᠨᠢ ᠬᠡᠷᠡᠭᠯᠡᠭᠴᠢ ᠳᠤ ᠪᠠᠶᠢᠳᠠᠯ ᠢ ᠲᠣᠳᠣᠷᠬᠠᠶᠢᠯᠠᠵᠤ᠂ ᠬᠡᠷᠡᠭᠯᠡᠭᠴᠢᠳ ᠲᠤ | ᠰᠢᠢᠳᠪᠦᠷᠢᠯᠡᠬᠦ ᠲᠥᠰᠦᠯ ᠢ ᠣᠶᠢᠯᠠᠭᠠᠭᠤᠯᠵᠤ᠂ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ ᠱᠠᠯᠠᠪᠳᠠᠨ ᠵᠠᠰᠠᠬᠤ ᠶᠢᠨ ᠬᠠᠮᠲᠤ ᠠᠬᠢᠴᠠ ᠶᠢᠨ | ᠪᠠᠶᠢᠳᠠᠯ ᠢ ᠴᠠᠭ ᠲᠤᠬᠠᠢ ᠳᠤᠨᠢ ᠮᠡᠳᠡᠭᠳᠡᠨ᠎ᠡ᠃ | ᠤᠲᠠᠰᠤ ᠢᠷᠡᠭᠦᠯᠵᠦ ᠠᠰᠠᠭᠤᠨ ᠯᠠᠪᠯᠠᠬᠤ ᠦᠶ᠎ᠡ ᠳᠤ ᠨᠠᠷᠢᠨ ᠠᠰᠠᠭᠤᠳᠠᠯ ᠤᠨ ᠲᠤᠲᠤᠷᠬᠠᠶᠢᠯᠠᠯᠲᠠ ᠬᠠᠩᠭᠠᠭᠠᠷᠠᠢ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | ᠤᠷᠠᠳ ᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ | 2024 ᠣᠨ ᠤ 9 ᠰᠠᠷ᠎ᠠ ᠶᠢᠨ 9 ᠤ ᠡᠳᠦᠷ |