ᠰᠢ ᠶᠢᠨ ᠫᠢᠩ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠠ
ᠨᠡᠶᠢᠲᠡᠯᠡᠭᠰᠡᠨ ᠴᠠᠭ᠄
2024/9/3
   9 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ 

6386095360072518104375083.png

  

   9 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ

ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ

ᠣᠷᠣᠯᠴᠠᠬᠤ ᠶᠢᠨ ᠬᠠᠮᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ

ᠬᠡᠯᠡᠯᠴᠡᠭᠡ ᠬᠢᠪᠠ᠃

   ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ

   

   ᠰᠢ ᠶᠢᠨ ᠫᠢᠩ᠂ ᠳᠤᠮᠳᠠᠳᠤ ᠤᠯᠤᠰ ᠪᠣᠯᠤᠨ ᠡᠮᠦᠨᠡᠲᠦ ᠠᠹᠷᠢᠺᠠ ᠶᠢᠨ ᠨᠥᠬᠦᠷᠯᠡᠯ ᠪᠣᠯ ᠦᠨᠳᠦᠰᠦᠲᠡᠨ ᠤ ᠴᠢᠯᠥᠭᠡᠯᠡᠯᠲᠡ ᠶᠢ ᠲᠡᠮᠡᠴᠡᠨ ᠤᠯᠬᠤ

ᠲᠠᠯ᠎ᠠ ᠪᠠᠷ ᠬᠢ ᠦᠨᠡᠨ ᠰᠡᠳᠭᠢᠯ ᠤᠨ ᠨᠥᠬᠦᠷᠯᠡᠯ᠂ ᠤᠯᠤᠰ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠬᠠᠷᠢᠯᠴᠠᠨ

ᠬᠠᠪᠰᠤᠷᠤᠯᠴᠠᠯ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠥᠭᠡᠭᠡᠴᠡᠯᠳᠦᠬᠦ ᠲᠠᠯ᠎ᠠ ᠪᠠᠷ ᠬᠢ ᠪᠦᠯᠬᠦᠮᠳᠡᠯ ᠬᠠᠮᠵᠢᠯᠴᠠᠭ᠎ᠠ ᠠᠴᠠ ᠢᠷᠡᠯᠲᠡ ᠲᠠᠢ

ᠶᠤᠮ᠃ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠬᠤ ᠪᠥᠭᠡᠳ ᠰᠢᠨ᠎ᠡ ᠡᠮᠦᠨᠡᠲᠦ

ᠠᠹᠷᠢᠺᠠ ᠪᠠᠶᠢᠭᠤᠯᠤᠭᠳᠠᠭᠰᠠᠨ 30 ᠵᠢᠯ ᠤᠨ ᠣᠶ ᠪᠣᠯᠤᠨ᠎ᠠ᠃ ᠬᠡᠳᠦᠶᠢᠪᠡᠷ ᠳᠡᠯᠡᠬᠡᠢ ᠶᠢᠨ ᠪᠠᠶᠢᠳᠠᠯ ᠬᠤᠪᠢᠷᠠᠯᠲᠠ ᠶᠡᠬᠡᠲᠡᠢ ᠪᠤᠯᠪᠠᠴᠤ ᠳᠤᠮᠳᠠᠳᠤ ᠡᠮᠦᠨᠡᠲᠦ

ᠠᠹᠷᠢᠺᠠ ᠬᠤᠶᠠᠷ ᠤᠯᠤᠰ ᠤᠨ ᠣᠳᠣᠬᠢᠴᠢᠯᠠᠯᠲᠠ ᠶᠢ ᠬᠥᠭᠡᠭᠡᠴᠡᠯᠳᠦᠬᠦ ᠡᠭᠦᠷᠭᠡ ᠬᠤᠪᠢᠷᠠᠭ᠎ᠠ ᠦᠭᠡᠢ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ

ᠠᠬᠢᠭᠤᠯᠬᠤ ᠵᠣᠷᠢᠯᠲᠠ ᠬᠤᠪᠢᠷᠠᠭ᠎ᠠ ᠦᠭᠡᠢ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠬᠦᠰᠡᠯ ᠬᠤᠪᠢᠷᠠᠭ᠎ᠠ ᠦᠭᠡᠢ᠃ ᠳᠤᠮᠳᠠᠳᠤ ᠤᠯᠤᠰ

ᠪᠠ ᠡᠮᠦᠨᠡᠲᠦ ᠠᠹᠷᠢᠺᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ

ᠡᠷᠡᠮᠡᠯᠵᠡᠯ ᠳᠤ ᠨᠡᠶᠢᠴᠡᠵᠦ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠬᠥᠭᠵᠢᠨ ᠪᠤᠵᠠᠭᠠᠶᠢᠷᠠᠬᠤ ᠲᠡᠦᠬᠡᠨ ᠠᠬᠢᠴᠠ ᠳᠤ ᠨᠡᠶᠢᠴᠡᠵᠦ᠂

ᠴᠢᠬᠤᠯᠠ ᠴᠠᠭ ᠦᠶ᠎ᠡ ᠶᠢᠨ ᠠᠴᠢ ᠬᠤᠯᠪᠣᠭᠳᠠᠯ ᠪᠠ ᠳᠡᠯᠡᠬᠡᠢ ᠳ᠋ᠠᠬᠢᠨ ᠤ ᠨᠥᠯᠥᠭᠡ ᠲᠠᠢ ᠶᠤᠮ ᠭᠡᠵᠦ ᠵᠢᠭᠠᠵᠤ ᠭᠠᠷᠭᠠᠪᠠ᠃

   ᠰᠢ ᠶᠢᠨ ᠫᠢᠩ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢᠨ ᠰᠢᠨ᠎ᠡ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ

ᠲᠥᠪᠯᠡᠷᠡᠭᠦᠯᠵᠦ᠂ ᠬᠤᠶᠠᠷ ᠲᠠᠯ᠎ᠠ ᠪᠠᠷ ᠢᠶᠠᠨ ︽ᠭᠤᠷᠪᠠᠨ ᠴᠢᠭᠯᠡᠯ︾ ᠢ ᠰᠠᠶᠢᠲᠤᠷ ᠡᠵᠡᠮᠳᠡᠶ᠎ᠡ᠃ ᠨᠢᠭᠡ ᠳᠤ᠂ ᠬᠠᠮᠲᠤ ᠪᠠᠷ ᠳᠠᠪᠰᠢᠬᠤ ᠤᠯᠤᠰ ᠲᠦᠷᠦ ᠶᠢᠨ

ᠴᠢᠭᠯᠡᠯ ᠪᠤᠯᠤᠨ᠎ᠠ᠂ ᠥᠨᠳᠥᠷ ᠬᠢᠷᠢ ᠲᠥᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠷ ᠬᠤᠶᠠᠷ ᠤᠯᠤᠰ ᠤᠨ ᠬᠠᠷᠢᠯᠴᠠᠭ᠎ᠠ ᠶᠢᠨ ᠢᠳᠡᠷᠬᠡᠭ

ᠠᠯᠬᠤᠭ᠎ᠠ ᠪᠠᠷ ᠤᠷᠤᠭᠰᠢᠯᠠᠬᠤ ᠶᠢ ᠬᠦᠳᠦᠯᠦᠨ ᠳᠠᠭᠠᠭᠤᠯᠤᠶ᠎ᠠ᠃ ᠬᠤᠶᠠᠷ ᠲᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ

ᠬᠠᠮᠲᠤᠷᠠᠯᠴᠠᠭᠠᠨ ᠤ ᠴᠢᠭᠯᠡᠯ ᠪᠤᠯᠤᠨ᠎ᠠ᠂ ᠬᠤᠶᠠᠷ ᠤᠯᠤᠰ ᠤᠨ ᠬᠠᠮᠲᠤᠷᠠᠯᠴᠠᠭᠠᠨ ᠤ ᠦᠵᠦ ᠲᠥᠯᠥᠪᠯᠡᠭᠡ ᠶᠢ ᠲᠡᠭᠦᠯᠳᠡᠷᠵᠢᠭᠦᠯᠵᠦ᠂ ︽ᠨᠢᠭᠡ ᠪᠦᠰᠡ ᠨᠢᠭᠡ

ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠵᠤ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠰᠢᠨ᠎ᠡ ᠡᠨᠧᠷᠭᠢ

ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠤᠶ᠎ᠠ᠃ ᠭᠤᠷᠪᠠ ᠳᠤ᠂ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ ᠠᠷᠠᠳ ᠢᠷᠬᠡᠳ ᠤᠨ

ᠰᠠᠨᠠᠭ᠎ᠠ ᠶᠢᠨ ᠴᠢᠭᠯᠡᠯ ᠪᠤᠯᠤᠨ᠎ᠠ᠂ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠱᠢᠶ᠎ᠠ ᠦᠵᠡᠭᠦᠯᠬᠦ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠲᠥᠪ ᠤᠨ ᠲᠦᠷᠦᠯ

ᠵᠦᠢᠯ ᠢ ᠲᠦᠷᠭᠡᠳᠭᠡᠨ ᠠᠬᠢᠭᠤᠯᠵᠤ᠂ ᠡᠮᠦᠨᠡᠲᠦ ᠠᠹᠷᠢᠺᠠ ᠶᠢᠨ ᠵᠠᠯᠠᠭᠤᠴᠤᠳ ᠲᠤ ᠨᠡᠩ ᠤᠯᠠᠨ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠤᠨ

ᠰᠤᠳᠤᠯᠤᠨ ᠰᠤᠷᠤᠯᠴᠠᠬᠤ ᠪᠣᠯᠪᠠᠰᠤᠷᠠᠯ ᠤᠨ ᠲᠣᠬᠢᠶᠠᠯ ᠬᠠᠩᠭᠠᠶ᠎ᠠ ᠭᠡᠵᠦ ᠴᠢᠬᠤᠯᠠᠴᠢᠯᠠᠪᠠ᠃

    ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ

 ᠶᠢᠨ ᠬᠡᠪ ᠳᠠᠭᠤᠷᠢᠶᠠᠯ ᠪᠠ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢ ᠬᠦᠳᠦᠯᠥᠨ ᠳᠠᠭᠠᠭᠤᠯᠬᠤ ᠨᠢᠭᠡᠨ ᠲᠤᠭ ᠮᠥᠨ᠃

ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ ᠰᠢᠨ᠎ᠡ ᠴᠠᠭ ᠦᠶ᠎ᠡ ᠶᠢᠨ ᠳᠤᠮᠳᠠᠳᠤ

ᠠᠹᠷᠢᠺᠠ ᠶᠢᠨ ᠬᠠᠷᠢᠯᠴᠠᠭ᠎ᠠ ᠶᠢᠨ ᠰᠢᠨ᠎ᠡ ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠢ

ᠠᠷᠭ᠎ᠠ ᠵᠠᠮ ᠢ ᠬᠠᠮᠲᠤ ᠪᠠᠷ ᠵᠥᠪᠳᠡᠯᠴᠡᠬᠦ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ

ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠠᠴᠠ ᠥᠨᠳᠥᠷ ᠬᠢᠷᠢ ᠬᠡᠮᠵᠢᠶ᠎ᠡ ᠪᠦᠬᠦᠢ ᠭᠠᠳᠠᠭᠠᠳᠤ ᠨᠡᠭᠡᠭᠡᠯᠳᠠ ᠶᠢᠨ ᠪᠠᠶᠢᠭᠤᠯᠤᠯ ᠲᠣᠭᠲᠠᠴᠠ ᠶᠢ

ᠲᠡᠭᠦᠯᠳᠡᠷᠵᠢᠭᠦᠯᠬᠦ ᠲᠤᠬᠠᠢ ᠪᠠᠶᠢᠷᠢᠯᠠᠭᠤᠯᠤᠯᠲᠠ ᠬᠢᠵᠦ᠂ ᠳᠤᠮᠳᠠᠳᠤ ᠤᠯᠤᠰ ᠤᠨ ᠠᠹᠷᠢᠺᠠ ᠲᠢᠪ ᠤᠨ ᠤᠯᠤᠰ ᠤᠳ ᠲᠤ ᠨᠡᠭᠡᠭᠡᠯᠳᠠ ᠬᠢᠬᠦ ᠡᠭᠦᠳᠡ ᠶᠠᠪᠤᠬᠤ

ᠲᠤᠳᠤᠮ ᠶᠡᠭᠡ ᠪᠤᠯᠬᠤ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠵᠡᠷᠭᠡ ᠠᠹᠷᠢᠺᠠ ᠲᠢᠪ ᠤᠨ ᠤᠯᠤᠰ ᠤᠳ ᠯᠤᠭ᠎ᠠ

ᠬᠠᠮᠲᠤᠷᠠᠯᠴᠠᠭᠠᠨ ᠤ ᠰᠢᠨ᠎ᠡ ᠬᠥᠳᠡᠯᠭᠡᠬᠦ ᠴᠢᠳᠠᠪᠤᠷᠢ ᠶᠢ ᠲᠠᠰᠤᠷᠠᠯᠳᠠ ᠦᠭᠡᠢ ᠡᠭᠦᠳᠴᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠤᠨ᠎ᠠ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠬᠤᠷᠳᠤᠨ ᠲᠡᠷᠭᠡ ᠠᠶᠠᠯᠠᠬᠤ ᠲᠤᠳᠤᠮ ᠲᠦᠷᠭᠡᠳᠴᠦ᠂ ᠶᠠᠪᠤᠬᠤ ᠲᠤᠳᠤᠮ

ᠰᠠᠶᠢᠵᠢᠷᠠᠬᠤ ᠨᠢ ᠯᠠᠪᠲᠠᠢ ᠶᠤᠮ ᠭᠡᠵᠦ ᠵᠢᠭᠠᠵᠤ ᠭᠠᠷᠭᠠᠪᠠ᠃

   ᠰᠢ ᠶᠢᠨ ᠫᠢᠩ᠂ ᠣᠳᠣᠬᠠᠨ ᠳᠤ᠂ ᠳᠡᠯᠡᠬᠡᠢ  ᠶᠢᠷᠲᠢᠨᠴᠣ ᠶᠢᠨ ᠵᠠᠭᠤᠨ ᠵᠢᠯ ᠳᠤ ᠳᠤᠬᠢᠶᠠᠯᠳᠤᠭ᠎ᠠ ᠦᠭᠡᠢ ᠬᠤᠪᠢᠰᠤᠯᠳᠠ ᠲᠦᠷᠭᠡᠰᠴᠤ᠂ ᠬᠥᠮᠦᠨ

ᠲᠥᠷᠥᠯᠬᠢᠲᠡᠨ ᠤ ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠳᠡᠯᠡᠬᠡᠢ ᠶᠢᠨ ᠪᠠᠶᠢᠳᠠᠯ ᠬᠡᠳᠦᠢ

ᠪᠤᠳᠤᠯᠢᠶᠠᠨᠲᠠᠢ ᠪᠣᠯᠬᠤ ᠲᠤᠳᠤᠮ᠂ ᠪᠦᠬᠦ ᠪᠥᠮᠪᠥᠷᠴᠡᠭ ᠤᠨ ᠬᠦᠭᠵᠢᠵᠤ ᠪᠠᠶᠢᠭ᠎ᠠ ᠤᠯᠤᠰ ᠤᠳ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠪᠦᠯᠬᠦᠮᠳᠡᠨ

ᠬᠠᠮᠵᠢᠯᠴᠠᠬᠤ ᠶᠢ ᠤᠯᠠᠮ ᠪᠠᠷᠢᠮᠲᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠬᠤ ᠬᠡᠷᠡᠭᠲᠡᠢ᠃ ᠳᠤᠮᠳᠠᠳᠤ ᠤᠯᠤᠰ

ᠳᠤᠷᠠᠲᠠᠶ᠎ᠠ ᠡᠮᠦᠨᠡᠲᠦ ᠠᠹᠷᠢᠺᠠ ᠯᠤᠭ᠎ᠠ ᠤᠯᠠᠨ ᠤᠯᠤᠰ ᠤᠨ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠳᠠᠷᠠᠭ᠎ᠠ ᠵᠢᠯ ᠡᠮᠦᠨᠡᠲᠦ ᠠᠹᠷᠢᠺᠠ

ᠬᠤᠷᠢᠨ ᠤᠯᠤᠰ ᠤᠨ ᠪᠦᠯᠦᠭᠯᠡᠯ ᠤᠨ ᠵᠢᠵᠢᠭᠦᠷ ᠲᠡᠷᠢᠭᠦᠯᠡᠭᠴᠢ ᠤᠯᠤᠰ ᠪᠣᠯᠬᠤ ᠶᠢ ᠪᠦᠬᠦ ᠬᠦᠴᠦᠨ ᠢᠶᠠᠷ ᠢᠶᠠᠨ ᠳᠡᠮᠵᠢᠨ᠎ᠠ ᠭᠡᠵᠤ ᠴᠢᠬᠤᠯᠠᠴᠢᠯᠠᠵᠠᠢ᠃

   ᠯᠠᠮᠠᠹᠦ᠋ᠰᠠ᠂ ᠨᠢᠳᠤᠨᠤᠨ ᠲᠡᠷᠢᠭᠦᠯᠡᠭᠴᠢ ᠰᠢ ᠶᠢᠨ ᠫᠢᠩ ᠡᠮᠦᠨᠡᠲᠦ ᠠᠹᠷᠢᠺᠠ ᠳᠤ ᠳᠥᠷᠪᠡᠳᠡᠬᠢ ᠤᠳᠠᠭ᠎ᠠ ᠶᠢᠨ ᠲᠦᠷᠦ ᠶᠢᠨ ᠶᠠᠪᠤᠳᠠᠯ ᠤᠨ

ᠠᠶᠢᠯᠴᠢᠯᠠᠯᠲᠠ ᠪᠠᠨ ᠠᠮᠵᠢᠯᠳᠠ ᠲᠠᠢ ᠬᠢᠵᠤ᠂ ᠪᠢᠳᠡ ᠡᠮᠦᠨᠡᠲᠦ ᠠᠹᠷᠢᠺᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 25 ᠵᠢᠯ ᠤᠨ ᠤᠢ ᠶᠢ

ᠬᠠᠮᠲᠤ ᠪᠠᠷ ᠪᠡᠯᠭᠡᠯᠡᠵᠦ᠂ ᠡᠮᠦᠨᠡᠲᠦ ᠠᠹᠷᠢᠺᠠ ᠳᠤᠮᠳᠠᠳᠤ ᠶᠢᠨ ᠬᠠᠷᠢᠯᠴᠠᠭ᠎ᠠ ᠶᠢᠨ ︽ᠰᠢᠵᠢᠷ ᠠᠯᠳᠠᠨ ᠴᠠᠭ ᠦᠶ᠎ᠡ︾ ᠳᠤ ᠣᠷᠣᠬᠤ ᠶᠢ ᠠᠬᠢᠭᠤᠯᠪᠠ᠃

ᠡᠮᠦᠨᠡᠲᠦ ᠠᠹᠷᠢᠺᠠ ᠳᠤᠮᠳᠠᠳᠤ ᠤᠯᠤᠰ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠪᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ᠂

ᠮᠠᠰᠢ ᠤᠯᠠᠨ ᠠᠰᠠᠭᠤᠳᠠᠯ ᠳᠡᠭᠡᠷ᠎ᠡ ᠵᠣᠭᠰᠣᠯᠲᠠ ᠠᠳᠠᠯᠢᠪᠲᠤᠷ᠂ ᠬᠠᠷᠠᠯᠲᠠ ᠨᠢᠭᠡᠳᠦᠯᠲᠡᠢ ᠶᠤᠮ᠃ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠡᠷᠬᠡ

ᠲᠡᠭᠰᠢ ᠬᠠᠷᠢᠯᠴᠠᠨ ᠬᠦᠨᠳᠦᠳᠭᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠳᠤ ᠰᠠᠭᠤᠷᠢᠯᠠᠵᠤ᠂ ᠬᠠᠷᠢᠯᠴᠠᠭ᠎ᠠ ᠡᠳᠦᠷ ᠢᠷᠡᠬᠦᠶ᠎ᠡ

ᠨᠢᠭᠲᠠᠷᠠᠵᠤ ᠪᠠᠶᠢᠨ᠎ᠠ᠃ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ ᠡᠮᠦᠨᠡᠲᠦ ᠠᠹᠷᠢᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ

ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ

ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠯᠠᠮ

ᠨᠢᠭᠡ ᠠᠯᠬᠤᠮ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ

ᠡᠮᠦᠨᠡᠲᠦ ᠠᠹᠷᠢᠺᠠ ᠪᠣᠯᠤᠨ ᠪᠦᠬᠦ ᠪᠥᠮᠪᠥᠷᠴᠡᠭ ᠤᠨ ᠪᠤᠰᠤᠳ ᠬᠦᠭᠵᠢᠵᠤ ᠪᠠᠶᠢᠭ᠎ᠠ ᠤᠯᠤᠰ ᠤᠳ ᠲᠤ ᠨᠡᠩ ᠤᠯᠠᠨ ᠠᠵᠠ ᠲᠣᠬᠢᠶᠠᠯ ᠬᠠᠩᠭᠠᠬᠤ ᠪᠤᠯᠤᠨ᠎ᠠ

ᠭᠡᠳᠡᠭ ᠢ ᠢᠲᠡᠭᠡᠵᠦ ᠪᠠᠶᠢᠨ᠎ᠠ᠃ ᠡᠮᠦᠨᠡᠲᠦ ᠠᠹᠷᠢᠺᠠ ᠦᠷᠭᠦᠯᠵᠢᠯᠡᠨ ᠳᠤᠷᠠᠲᠠᠶ᠎ᠠ ᠳᠤᠮᠳᠠᠳᠤ ᠤᠯᠤᠰ ᠤᠨ ᠢᠲᠡᠭᠡᠮᠵᠢᠲᠡᠢ ᠪᠥᠭᠡᠳ ᠨᠠᠶᠢᠳᠠᠪᠤᠷᠢᠲᠠᠢ ᠨᠠᠶᠢᠵᠠ

ᠪᠤᠯᠵᠤ᠂ ᠳᠤᠮᠳᠠᠳᠤ ᠤᠯᠤᠰ ᠯᠤᠭ᠎ᠠ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ

ᠬᠠᠷᠢᠯᠴᠠᠭ᠎ᠠ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠰᠢᠨ᠎ᠡ

ᠡᠨᠧᠷᠭᠢ᠂ ᠶᠠᠳᠠᠭᠤ ᠬᠦ᠋ᠴᠢᠷᠳᠡᠯᠳᠠᠢ ᠬᠦᠮᠦᠨ ᠠᠮᠠ ᠶᠢ ᠴᠦᠬᠡᠳᠭᠡᠬᠦ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠭᠡᠨ

ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠶᠠᠪᠤᠯᠴᠠᠭ᠎ᠠ ᠪᠣᠯᠤᠨ ᠰᠤᠷᠭᠠᠨ ᠬᠥᠮᠦᠵᠢᠯ ᠰᠣᠶᠣᠯ ᠤᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠬᠤᠶᠠᠷ

ᠤᠯᠤᠰ ᠤᠨ ᠬᠠᠷᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠵᠤ᠂ ᠡᠮᠦᠨᠡᠲᠦ ᠠᠹᠷᠢᠺᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠳᠤ

ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃ ᠡᠮᠦᠨᠡᠲᠦ ᠠᠹᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ

ᠭᠤᠶᠢᠪᠢᠰᠢ ᠦᠭᠡᠶ ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠳᠣᠣᠷᠠᠬᠢ

ᠬᠠᠮᠲᠤᠷᠠᠯᠴᠠᠭ᠎ᠠ ᠨᠢ ᠡᠮᠦᠨᠡᠲᠦ ᠠᠹᠷᠢᠺᠠ ᠶᠢ ᠪᠠᠭᠲᠠᠭᠠᠭᠰᠠᠨ ᠠᠹᠷᠢᠺᠠ ᠲᠢᠪ ᠤᠨ ᠤᠯᠤᠰ ᠤᠳ ᠲᠤ ᠮᠠᠰᠢ ᠤᠯᠠᠨ ᠠᠰᠢᠭ ᠬᠦᠷᠲᠡᠭᠡᠪᠡ᠃ ᠳᠤᠮᠳᠠᠳᠤ

ᠤᠯᠤᠰ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ

ᠠᠮᠵᠢᠯᠲᠠ ᠲᠠᠢ ᠡᠷᠬᠢᠯᠡᠬᠦ ᠶᠢ ᠡᠮᠦᠨᠡᠲᠦ ᠠᠹᠷᠢᠺᠠ ᠶᠢᠨ ᠬᠢᠨ ᠳᠡᠮᠵᠢᠵᠦ᠂ ᠠᠹᠷᠢᠺᠠ ᠳᠤᠮᠳᠠᠳᠤ ᠶᠢᠨ ᠪᠦᠯᠬᠦᠮᠳᠡᠯ ᠢ ᠴᠢᠩᠭᠠᠳᠬᠠᠵᠤ᠂ ᠬᠠᠷᠢᠯᠴᠠᠨ ᠡᠷᠡᠰ

ᠳᠡᠮᠵᠢᠯᠴᠡᠵᠤ᠂ ᠠᠹᠷᠢᠺᠠ ᠲᠢᠪ ᠤᠨ ᠡᠬᠡ ᠬᠠᠭᠤᠷᠠᠢ ᠪᠣᠯᠤᠨ ᠪᠦᠬᠦ ᠪᠥᠮᠪᠥᠷᠴᠡᠭ ᠤᠨ ᠬᠦᠭᠵᠢᠵᠤ ᠪᠠᠶᠢᠭ᠎ᠠ ᠤᠯᠤᠰ ᠤᠳ ᠤᠨ ᠬᠠᠮᠲᠤ ᠶᠢᠨ ᠬᠥᠭᠵᠢᠯᠲᠡ ᠶᠢ

ᠠᠬᠢᠭᠤᠯᠤᠨ᠎ᠠ᠃ ᠡᠮᠦᠨᠡᠲᠦ ᠠᠹᠷᠢᠺᠠ ᠶᠢᠨ ᠬᠢᠨ ᠳᠤᠮᠳᠠᠳᠤ ᠤᠯᠤᠰ ᠪᠣᠯᠤᠨ ᠪᠷᠠᠽᠢᠯ ᠤᠨ ᠦᠺᠷᠠᠶᠢᠨ ᠤ ᠠᠰᠠᠭᠤᠳᠠᠯ ᠢ ᠤᠯᠤᠰ ᠲᠦᠷᠦ ᠪᠠᠷ

ᠰᠢᠢᠳᠪᠦᠷᠢᠯᠡᠬᠦ ᠲᠤᠬᠠᠢ ᠳᠤᠷᠠᠳᠤᠭᠰᠠᠨ ︽ᠵᠢᠷᠭᠤᠭᠠᠨ ᠬᠠᠮᠲᠤ ᠶᠢᠨ ᠲᠠᠨᠢᠯᠲᠠ︾ ᠶᠢ ᠲᠡᠮᠵᠢᠵᠤ᠂ ᠡᠮᠦᠨᠡᠲᠦ ᠠᠹᠷᠢᠺᠠ ᠶᠢᠨ ᠬᠢᠨ ᠨᠢᠳᠤᠨᠤᠨ ᠤ ᠠᠯᠳᠠᠨ

ᠲᠣᠭᠤᠰᠭ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠭᠤᠯᠵᠠᠯᠲᠠ ᠶᠢ ᠭᠤᠣᠯᠯᠠᠨ ᠡᠷᠬᠢᠯᠡᠬᠦ ᠳᠤ ᠳᠤᠮᠳᠠᠳᠤ ᠤᠯᠤᠰ ᠤᠨ ᠦᠵᠡᠭᠦᠯᠦᠭᠰᠡᠨ

ᠳᠡᠮᠵᠢᠯᠭᠡ ᠳᠤ ᠲᠠᠯᠠᠷᠬᠠᠵᠤ᠂ ᠡᠮᠦᠨᠡᠲᠦ ᠠᠹᠷᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠦᠷᠭᠦᠯᠵᠢᠯᠡᠨ ᠠᠯᠳᠠᠨ ᠲᠣᠭᠤᠰᠭ᠎ᠠ ᠤᠯᠤᠰ ᠤᠳ

ᠪᠣᠯᠤᠨ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠤᠳᠤᠷ᠎ᠠ ᠨᠢᠭᠲᠠ ᠤᠯᠤᠯᠴᠠᠨ ᠬᠠᠮᠵᠢᠯᠴᠠᠨ᠎ᠠ ᠭᠡᠵᠤ

ᠢᠯᠡᠳᠭᠡᠵᠠᠢ᠃

   ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠳᠣᠬᠢᠭᠤᠷ ᠲᠤᠯᠤᠭᠠᠨ ᠣᠲᠣ ᠳᠠᠭᠠᠭᠤᠯᠢ ᠤᠳᠤᠨ ᠤ ᠠᠶᠠᠯᠠᠯ ᠵᠠᠯᠠᠬᠤ

ᠰᠢᠰᠲ᠋ᠧᠮ ᠤᠨ ᠬᠡᠷᠡᠭᠯᠡᠭᠡᠨ᠂ ᠬᠥᠮᠦᠰ ᠤᠨ ᠣᠷᠣᠰᠢᠨ ᠰᠠᠭᠤᠷᠢᠰᠢᠬᠤ ᠪᠥᠲᠥᠭᠡᠨ ᠪᠠᠶᠢᠭᠤᠯᠤᠯᠲᠠ᠂ ᠬᠤᠶᠠᠷ ᠲᠠᠯ᠎ᠠ ᠶᠢᠨ ᠠᠷᠠᠯᠵᠢᠶ᠎ᠠ᠂ ᠲᠠᠷᠢᠶᠠᠯᠠᠩ ᠤᠨ

ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠰᠣᠶᠣᠯ ᠤᠨ ᠥᠪ ᠵᠡᠷᠭᠡ ᠣᠯᠠᠨ ᠵᠦᠢᠯ ᠤᠨ ᠬᠤᠶᠠᠷ ᠲᠠᠯ᠎ᠠ ᠶᠢᠨ

ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ ᠬᠠᠮᠲᠤ ᠪᠠᠷ ᠭᠡᠷᠡᠴᠢᠯᠡᠪᠡ᠃

   ᠬᠤᠶᠠᠷ ᠲᠠᠯ᠎ᠠ ᠪᠠᠷ ᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠥᠬᠦᠳᠡ ᠨᠠᠶᠢᠷᠠᠮᠳᠠᠬᠤ ᠡᠮᠦᠨᠡᠲᠦ ᠠᠹᠷᠢᠺᠠ ᠤᠯᠤᠰ ᠤᠨ

ᠰᠢᠨ᠎ᠡ ᠴᠠᠭ ᠦᠶ᠎ᠡ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠶ

ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃

ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠮᠠᠹᠦ᠋ᠰᠠ ᠶᠢ ᠤᠭᠲᠤᠬᠤ

ᠶᠣᠰᠣᠯᠠᠯ ᠶᠠᠪᠤᠭᠤᠯᠪᠠ᠃

   ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠬᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ