ᠰᠢ ᠶᠢᠨ ᠫᠢᠩ ᠰᠤᠨᠤᠭᠠᠯ ᠤᠨ ᠶᠡᠷᠦᠩᠬᠡᠶᠢᠯᠡᠭᠴᠢ ᠹᠠᠶᠤ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/9/5
   9 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠳᠤᠮᠳᠠᠳᠤ ᠤᠯᠤᠰ ᠲᠤ ᠢᠷᠡᠭᠰᠡᠨ ᠰᠤᠨᠤᠭᠠᠯ ᠤᠨ ᠶᠡᠷᠦᠩᠬᠡᠶᠢᠯᠡᠭᠴᠢ ᠹᠠᠶᠤ ᠲᠠᠢ ᠬᠡᠯᠡᠯᠴᠡᠭᠡ ᠬᠢᠪᠡ᠃   ᠰᠢ ᠶᠢᠨ ᠫᠢᠩ᠂ ᠳᠤᠮᠳᠠᠳᠤ ᠤᠯᠤᠰ ᠪᠣᠯᠤᠨ ᠰᠤᠨᠤᠭᠠᠯ ᠪᠣᠯ ᠤᠯᠤᠰ ᠤᠨ ᠬᠥᠭᠵᠢᠨ ᠮᠠᠨᠲᠤᠯᠲᠠ ᠶᠢᠨ ᠵᠠᠮ ᠳᠡᠭᠡᠷᠡᠬᠢ ᠨᠠᠶᠢᠵᠠ ᠪᠠ ᠬᠠᠨᠢᠲᠠᠨ ᠮᠥᠨ᠃ ᠤᠯᠠᠨ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠬᠦᠷᠰᠡᠭ᠂ ᠡᠷᠬᠡ ᠲᠡᠭᠰᠢ ᠬᠠᠷᠢᠯᠴᠠᠨ ᠬᠦᠨᠳᠦᠳᠭᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠣᠷᠢᠭ ᠰᠠᠨᠠᠭ᠎ᠠ ᠶᠢ ᠪᠠᠷᠢᠮᠲᠠᠯᠠᠨ ᠬᠠᠮᠲᠤᠷᠠᠯᠴᠠᠭ᠎ᠠ ᠥᠷᠨᠢᠭᠦᠯᠵᠦ᠂ ᠦᠨᠡᠨ ᠪᠣᠳᠠᠲᠠᠢ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ᠃ ᠳᠤᠮᠳᠠᠳᠤ ᠤᠯᠤᠰ ᠳᠤᠷᠠᠲᠠᠶ᠎ᠠ ᠰᠤᠨᠤᠭᠠᠯ ᠤᠨ ᠬᠢᠨ ᠲᠠᠢ ᠲᠤᠰ ᠲᠤᠰ ᠤᠨ ᠢᠶᠠᠨ ᠣᠳᠣᠬᠢᠴᠢᠯᠠᠯᠲᠠ ᠶᠢ ᠪᠡᠶᠡᠯᠡᠭᠦᠯᠬᠦ ᠵᠠᠮ ᠳᠡᠭᠡᠷ᠎ᠡ ᠭᠠᠷ ᠬᠤᠯᠪᠣᠯᠴᠠᠨ ᠤᠷᠤᠭᠰᠢᠯᠠᠵᠤ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠰᠤᠨᠤᠭᠠᠯ ᠯᠤᠭ᠎ᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠤᠭᠳᠠᠬᠤ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠲᠡᠮᠵᠢᠯᠴᠡᠨ᠎ᠠ᠃ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠦᠷᠭᠦᠯᠵᠢᠯᠡᠨ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠲᠣᠮᠢᠯᠠᠵᠤ᠂ ᠰᠤᠨᠤᠭᠠᠯ ᠤᠨ ᠬᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠤ᠂ ᠰᠢᠨ᠎ᠡ ᠡᠨᠧᠷᠭᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠭᠡᠵᠤ᠂ ᠰᠤᠨᠤᠭᠠᠯ ᠤᠨ ᠠᠵᠤ ᠦᠢᠯᠡᠳᠪᠦᠷᠢᠵᠢᠯᠲᠡ ᠪᠣᠯᠤᠨ ᠬᠦᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠨ᠎ᠡ᠃ ᠳᠤᠮᠳᠠᠳᠤ ᠰᠤᠨᠤᠭᠠᠯ ᠮᠠᠰᠢ ᠤᠯᠠᠨ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠳᠡᠭᠡᠷᠡᠬᠢ ᠵᠣᠭᠰᠣᠯᠲᠠ ᠠᠳᠠᠯᠢᠪᠲᠤᠷ ᠶᠤᠮ᠂ ᠳᠤᠮᠳᠠᠳᠤ ᠤᠯᠤᠰ ᠳᠤᠷᠠᠲᠠᠶ᠎ᠠ ᠰᠤᠨᠤᠭᠠᠯ ᠤᠨ ᠬᠢᠨ ᠲᠠᠢ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ ᠭᠡᠵᠤ ᠵᠢᠭᠠᠵᠤ ᠭᠠᠷᠭᠠᠵᠠᠢ᠃   ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ︽ᠠᠯᠳᠠᠨ ᠦᠰᠦᠭᠳᠤ ᠫᠠᠶᠢᠰᠠ︾ ᠮᠥᠨ᠂ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢ ᠬᠦᠳᠦᠯᠦᠨ ᠳᠠᠭᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠦ ᠪᠠᠶᠢᠨ᠎ᠠ᠃ ᠳᠤᠮᠳᠠᠳᠤ ᠰᠤᠨᠤᠭᠠᠯ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠭᠰᠡᠨ 6 ᠵᠢᠯ ᠤᠨ ᠲᠤᠷᠰᠢ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠦᠷᠦᠭᠦᠦ ᠬᠤᠶᠠᠷ ᠬᠤᠭᠤᠴᠠᠭᠠᠨ ᠤ ᠶᠠᠷᠢᠶᠠᠨ ᠤ ᠲᠠᠪᠴᠠᠩ ᠤᠨ ᠬᠤᠷᠠᠯ ᠠᠴᠠ ᠭᠠᠷᠭᠠᠭᠰᠠᠨ ︽ᠨᠠᠢᠮᠠᠨ ᠶᠡᠭᠡ ᠠᠵᠢᠯᠯᠠᠭ᠎ᠠ︾ ᠪᠣᠯᠤᠨ ︽ᠵᠢᠰᠦᠨ ᠢᠨᠵᠧᠨᠧᠷᠢᠩ︾ ᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠰᠢᠨ᠎ᠡ ᠱᠠᠲᠤᠨ ᠳᠤ ᠣᠷᠣᠬᠤ ᠶᠢ ᠠᠬᠢᠭᠤᠯᠪᠠ᠃ ᠰᠤᠨᠤᠭᠠᠯ ᠨᠢ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠳᠥᠷᠪᠡᠳᠡᠬᠢ ᠬᠠᠮᠲᠤ ᠶᠢᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠲᠤᠷᠠᠯᠴᠠᠭ᠎ᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ ᠰᠤᠨᠤᠭᠠᠯ ᠤᠨ ᠬᠢᠨ ᠲᠠᠢ ᠨᠢᠭᠲᠠ ᠬᠠᠮᠵᠢᠯᠴᠠᠵᠤ᠂ ᠲᠣᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠤᠯᠬᠤ ᠶᠢ ᠬᠥᠲᠥᠯᠥᠨ ᠳᠠᠭᠠᠭᠤᠯᠵᠤ᠂ ᠭᠠᠷ ᠬᠤᠯᠪᠣᠨ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠶᠢ ᠠᠬᠢᠭᠤᠯᠵᠤ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠰᠢᠨ᠎ᠡ ᠠᠶᠠᠨ ᠢ ᠡᠬᠢᠯᠡᠭᠦᠯᠦᠨ᠎ᠡ ᠭᠡᠵᠦ ᠵᠢᠭᠠᠵᠤ ᠭᠠᠷᠭᠠᠪᠠ᠃   ᠹᠠᠶᠤ᠂ ᠠᠩᠬᠠᠳᠤᠭᠠᠷ ᠤᠳᠠᠭ᠎ᠠ ᠶᠢᠨ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠳᠤᠮᠳᠠᠳᠤ ᠤᠯᠤᠰ ᠲᠤ ᠢᠷᠡᠭᠰᠡᠨ ᠪᠦᠭᠡᠳ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠪᠤᠯᠤᠭᠰᠠᠨ ᠳᠠᠭᠠᠨ ᠪᠢ ᠮᠠᠰᠢ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠃ ᠳᠤᠮᠳᠠᠳᠤ ᠤᠯᠤᠰ ᠬᠠᠯᠠᠭᠤᠮᠰᠤᠭ ᠢᠶᠠᠷ ᠵᠣᠴᠢᠯᠠᠵᠤ᠂ ᠪᠢᠳᠡᠨ ᠳᠤ ᠳᠤᠮᠳᠠᠳᠤ ᠤᠯᠤᠰ ᠤᠨ ᠦᠵᠡᠰᠭᠦᠯᠡᠩᠲᠦ ᠰᠠᠶᠢᠬᠠᠨ ᠪᠠ ᠨᠥᠬᠦᠷᠰᠡᠭ ᠢ ᠣᠶᠢᠯᠠᠭᠠᠭᠤᠯᠤᠭᠰᠠᠨ ᠳᠤ ᠳᠠᠯᠠᠷᠬᠠᠵᠤ ᠪᠠᠶᠢᠨ᠎ᠠ᠃ ᠰᠤᠨᠤᠭᠠᠯ ᠳᠤᠮᠳᠠᠳᠤ 2016 ᠣᠨ ᠳᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠠᠬᠢᠴᠠ ᠲᠠᠢ ᠪᠣᠯᠪᠠ᠃ ᠰᠤᠨᠤᠭᠠᠯ ᠳᠤᠮᠳᠠᠳᠤ ᠶᠢᠨ ᠬᠠᠮᠲᠤᠷᠠᠯᠴᠠᠭ᠎ᠠ ᠮᠠᠰᠢ ᠤᠯᠠᠨ ᠠᠮᠵᠢᠯᠲᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠰᠤᠨᠤᠭᠠᠯ ᠤᠨ ᠠᠵᠤ ᠠᠬᠤᠢ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠪᠠ᠃ ᠰᠤᠨᠤᠭᠠᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠬᠥᠮᠦᠨ ᠤ ᠡᠷᠬᠡ ᠶᠢᠨ ᠠᠰᠠᠭᠤᠳᠠᠯ ᠢ ᠤᠯᠤᠰ ᠲᠦᠷᠦᠴᠢᠯᠡᠬᠦ ᠶᠢ ᠡᠰᠡᠷᠭᠦᠴᠡᠵᠦ᠂ ᠳᠤᠮᠳᠠᠳᠤ ᠤᠯᠤᠰ ᠯᠤᠭ᠎ᠠ ᠰᠤᠨᠤᠭᠠᠯ ᠳᠤᠮᠳᠠᠳᠤ ᠶᠢᠨ ᠨᠥᠬᠦᠷᠯᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠪᠠᠷ ᠴᠢᠷᠮᠠᠶᠢᠵᠤ᠂ ᠳᠤᠷᠠᠲᠠᠶ᠎ᠠ ᠳᠤᠮᠳᠠᠳᠤ ᠤᠯᠤᠰ ᠤᠨ ᠨᠠᠮ ᠢ ᠵᠠᠰᠠᠵᠤ ᠲᠦᠷᠦ ᠶᠢ ᠵᠠᠰᠠᠭᠰᠠᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠤᠯᠢ ᠪᠤᠯᠭᠠᠵᠤ᠂ ᠬᠥᠳᠡᠭᠡ ᠠᠵᠤ ᠠᠬᠤᠢ᠂ ᠠᠵᠤ ᠦᠢᠯᠡᠳᠪᠦᠷᠢ᠂ ᠲᠣᠭᠠᠴᠢᠯᠠᠯᠳᠠ᠂ ᠠᠵᠢᠯ ᠮᠡᠷᠭᠡᠵᠢᠯ ᠤᠨ ᠪᠣᠯᠪᠠᠰᠤᠷᠠᠯ᠂ ᠵᠠᠯᠠᠭᠤᠴᠤᠳ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠵᠤ᠂ ᠰᠤᠨᠤᠭᠠᠯ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠨᠡᠩ ᠥᠨᠳᠥᠷ ᠲᠦᠪᠰᠢᠨ ᠳᠡᠶᠢᠰᠢ ᠠᠬᠢᠭᠤᠯᠤᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠪᠠᠶᠢᠭᠤᠯᠵᠤ ᠬᠥᠭᠵᠢᠭᠦᠯᠦᠭᠰᠡᠨ ᠨᠢ ᠨᠥᠬᠦᠷᠰᠡᠭ ᠢᠲᠡᠭᠡᠯᠴᠡᠭᠦ᠂ ᠬᠠᠷᠢᠯᠴᠠᠨ ᠬᠦᠨᠳᠦᠳᠭᠡᠬᠦ᠂ ᠪᠦᠯᠬᠦᠮᠳᠡᠨ ᠬᠠᠮᠲᠤᠷᠠᠯᠴᠠᠬᠤ᠂ ᠪᠣᠳᠠᠲᠠᠢ ᠶᠢ ᠡᠷᠬᠢᠮᠯᠡᠬᠦ ᠥᠨᠳᠥᠷ ᠪᠦᠲᠦᠮᠵᠢᠲᠡᠢ ᠪᠠᠶᠢᠬᠤ ᠳᠤ ᠰᠠᠭᠤᠷᠢᠯᠠᠵᠤ᠂ ᠠᠹᠷᠢᠺᠠ ᠲᠢᠪ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠰᠤᠨᠤᠭᠠᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠤᠯᠬᠤ ᠶᠢ ᠪᠠᠲᠤᠯᠠᠨ᠎ᠠ᠃ ᠰᠤᠨᠤᠭᠠᠯ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠪᠣᠯᠤᠨ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠥᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠬᠠᠮᠲᠤ ᠶᠢᠨ ᠬᠥᠭᠵᠢᠯᠲᠡ ᠪᠣᠯᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ ᠳᠤᠮᠳᠠᠳᠤ ᠤᠯᠤᠰ ᠤᠨ ᠴᠢᠷᠮᠠᠶᠢᠯᠭ᠎ᠠ ᠶᠢ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠲᠠᠢ ᠣᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠭᠡᠪᠡ᠃   ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠡᠯᠡ ᠣᠷᠣᠭᠤᠯᠤᠯᠲᠠ ᠠᠵᠤ ᠠᠬᠤᠢ ᠶᠢᠨ ᠬᠠᠮᠲᠤᠷᠠᠯᠴᠠᠭ᠎ᠠ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠮᠡᠷᠭᠡᠵᠢᠯ᠂ ᠬᠥᠮᠦᠨ ᠤ ᠬᠦᠴᠦᠨ ᠤ ᠡᠬᠢ ᠪᠠᠶᠠᠯᠢᠭ᠂ ᠪᠣᠬᠢᠷᠲᠤᠯ ᠦᠭᠡᠢ ᠬᠥᠭᠵᠢᠯᠲᠡ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃   ᠬᠤᠶᠠᠷ ᠲᠠᠯ᠎ᠠ ᠪᠠᠷ ᠢᠶᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠦᠬᠦᠳᠡ ᠨᠠᠶᠢᠷᠠᠮᠳᠠᠬᠤ ᠰᠤᠨᠤᠭᠠᠯ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠳᠤᠮᠳᠠᠳᠤ ᠰᠤᠨᠤᠭᠠᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ‌‍ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠹᠠᠶᠤ ᠪᠣᠯᠤᠨ ᠲᠡᠭᠦᠨ ᠤ ᠬᠠᠳᠤᠨ ᠮᠡᠷᠢ ᠶᠢ ᠤᠭᠲᠤᠬᠤ ᠶᠣᠰᠣᠯᠠᠯ ᠶᠠᠪᠤᠭᠤᠯᠪᠠ᠃ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 4 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ