ᠰᠢ ᠶᠢᠨ ᠫᠢᠩ ᠪᠣᠯᠤᠨ ᠫᠧᠩ ᠯᠢ ᠶᠤᠸᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠤᠯᠠᠨ ᠤᠯᠤᠰ ᠤᠨ ᠡᠷᠬᠢᠮ ᠵᠣᠴᠢᠳ ᠢ ᠤᠭᠲᠤᠬᠤ ᠳᠠᠶᠢᠯᠠᠯᠭ᠎ᠠ ᠬᠢᠪᠡ
ᠨᠡᠶᠢᠲᠡᠯᠡᠭᠰᠡᠨ ᠴᠠᠭ᠄
2024/9/5
   9 ᠰᠠᠷ᠎ᠠ ᠶᠢᠨ 4 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠶᠢᠨ ᠬᠢᠨ ᠵᠢᠴᠢ ᠤᠯᠠᠨ ᠤᠯᠤᠰ ᠤᠨ ᠡᠷᠬᠢᠮ ᠵᠣᠴᠢᠳ ᠢ ᠤᠭᠲᠤᠪᠠ᠃

0.png

   9 ᠰᠠᠷ᠎ᠠ ᠶᠢᠨ 4 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ

ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ

ᠲᠦᠷᠦᠭᠦᠴᠦᠳ ᠤᠨ ᠬᠤᠷᠠᠯ ᠳᠤ ᠣᠷᠣᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠵᠢᠴᠢ ᠤᠯᠠᠨ ᠤᠯᠤᠰ ᠤᠨ ᠡᠷᠬᠢᠮ

ᠵᠣᠴᠢᠳ ᠢ ᠤᠭᠲᠤᠪᠠ᠃ ᠵᠢᠷᠤᠭ ᠪᠣᠯ ᠰᠢ ᠶᠢᠨ ᠫᠢᠩ ᠪᠠᠶᠠᠷ ᠤᠨ ᠦᠭᠡ ᠬᠡᠯᠡᠵᠦ ᠪᠠᠶᠢᠭ᠎ᠠ ᠨᠢ᠃

   ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠣᠣ ᠳ᠋ᠠ ᠸᠧᠶ ᠰᠡᠭᠦᠳᠡᠷᠯᠡᠪᠡ

6386112551130936856858314.png

   9 ᠰᠠᠷ᠎ᠠ ᠶᠢᠨ 4 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ

ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ

ᠲᠦᠷᠦᠭᠦᠴᠦᠳ ᠤᠨ ᠬᠤᠷᠠᠯ ᠳᠤ ᠣᠷᠣᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠵᠢᠴᠢ ᠤᠯᠠᠨ ᠤᠯᠤᠰ ᠤᠨ ᠡᠷᠬᠢᠮ

ᠵᠣᠴᠢᠳ ᠢ ᠤᠭᠲᠤᠪᠠ᠃ ᠵᠢᠷᠤᠭ ᠪᠣᠯ ᠳᠠᠶᠢᠯᠠᠯᠭ᠎ᠠ ᠠᠴᠠ ᠡᠮᠦᠨ᠎ᠡ ᠰᠢ ᠶᠢᠨ ᠫᠢᠩ ᠪᠣᠯᠤᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠳᠤ ᠬᠡᠷᠡᠯ

ᠵᠢᠷᠤᠭ ᠲᠠᠳᠠᠭᠤᠯᠵᠥ ᠳᠤᠷᠠᠰᠬᠠᠯ ᠦᠯᠡᠳᠡᠭᠡᠵᠦ ᠪᠠᠶᠢᠭ᠎ᠠ ᠨᠢ᠃

   ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ

 

    ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂

ᠵᠤᠤ ᠯᠤ᠋ ᠵᠢᠢ᠂ ᠸᠠᠩ ᠬᠣ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠪᠠ᠃

   9 ᠰᠠᠷ᠎ᠠ ᠶᠢᠨ ᠪᠡᠭᠡᠵᠢᠩ ᠳᠤ ᠨᠠᠮᠤᠷ ᠤᠨ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ ᠪᠠᠶᠢᠯ᠎ᠠ᠃ ᠰᠦᠷ ᠵᠢᠪᠬᠤᠯᠠᠩᠲᠤ ᠠᠷᠠᠳ ᠤᠨ ᠶᠡᠭᠡ

ᠬᠤᠷᠠᠯ ᠤᠨ ᠲᠠᠩᠬᠢᠮ ᠳᠤ᠂ ᠳᠤᠮᠳᠠᠳᠤ ᠤᠯᠤᠰ ᠤᠨ ᠤᠯᠤᠰ ᠤᠨ ᠲᠤᠭ ᠪᠣᠯᠤᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ

ᠪᠦᠷᠢᠯᠳᠦᠬᠦᠨ ᠤᠯᠤᠰ ᠤᠳ ᠤᠨ ᠤᠯᠤᠰ ᠤᠨ ᠲᠤᠭ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠲᠤᠭ ᠦᠩᠭᠡ ᠢᠯᠭᠠᠷᠠᠨ

ᠰᠣᠯᠣᠩᠭᠠᠷᠠᠪᠠ᠃

   ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ 51 ᠨᠡᠷᠡᠰ ᠠᠹᠷᠢᠺᠠ ᠲᠢᠪ ᠤᠨ ᠤᠯᠤᠰ ᠤᠳ ᠤᠨ ᠲᠡᠷᠢᠭᠦᠨ᠂ ᠵᠠᠰᠠᠭ ᠤᠨ

ᠣᠷᠳᠣᠨ ᠤ ᠲᠦᠷᠦᠭᠦᠴᠦᠳ ᠵᠢᠴᠢ ᠲᠠᠬᠦᠨ ᠤ ᠬᠠᠨᠢ ᠨᠥᠬᠦᠷ ᠶᠡᠷᠦᠩᠬᠡᠶᠢᠯᠡᠭᠴᠢ ᠶᠢᠨ 2 ᠲᠥᠯᠥᠭᠡᠯᠡᠭᠴᠢ᠂ ᠠᠹᠷᠢᠺᠠ ᠲᠢᠪ ᠤᠨ ᠤᠯᠤᠰ ᠤᠳ ᠤᠨ

ᠬᠤᠯᠪᠣᠭ᠎ᠠ ᠶᠢᠨ ᠵᠥᠪᠯᠡᠯ ᠤᠨ ᠲᠡᠷᠢᠭᠦᠯᠡᠭᠴᠢ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠵᠡᠷᠭᠡ ᠡᠷᠬᠢᠮ

ᠵᠣᠴᠢᠳ ᠤᠷᠢᠳ ᠬᠤᠵᠢᠳ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠦᠷᠪᠡ᠃ ᠰᠢ ᠶᠢᠨ ᠫᠢᠩ ᠪᠣᠯᠤᠨ ᠫᠧᠩ ᠯᠢ ᠶᠤᠸᠠᠨ ᠬᠠᠯᠠᠭᠤᠨ ᠢᠶᠠᠷ

ᠤᠭᠲᠤᠵᠤ᠂ ᠲᠡᠳᠡᠨ ᠲᠠᠢ ᠲᠤᠰ ᠲᠤᠰ ᠭᠠᠷ ᠠᠳᠬᠤᠵᠤ ᠮᠡᠨᠳᠦᠴᠢᠯᠡᠭᠰᠡᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃

   ᠴᠣᠪᠣᠭᠤ ᠬᠥᠭᠡᠷᠦᠬᠦᠨ ᠪᠠᠭᠠᠴᠤᠳ ᠬᠡᠦᠬᠡᠳ ᠢᠷᠠᠭᠤ ᠰᠠᠶᠢᠬᠠᠨ ᠳᠠᠭᠤᠤ ᠪᠠᠨ ᠳᠠᠭᠤᠯᠠᠵᠤ᠂ ᠠᠹᠷᠢᠺᠠ ᠲᠢᠪ ᠤᠨ ᠬᠡᠩᠭᠡᠷᠭᠡ ᠳᠡᠯᠡᠳᠴᠦ᠂ ᠳᠠᠭᠤᠯᠠᠨ

ᠪᠥᠵᠢᠭᠯᠡᠵᠦ᠂ ᠠᠯᠤᠰ ᠠᠴᠠ ᠬᠦᠷᠦᠯᠴᠡᠨ ᠢᠷᠡᠭᠰᠡᠨ ᠤᠯᠠᠨ ᠤᠯᠤᠰ ᠤᠨ ᠡᠷᠬᠢᠮ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠪᠡ᠃

   ᠢᠷᠠᠭᠤ ᠰᠠᠶᠢᠬᠠᠨ ᠤᠭᠲᠤᠯᠭ᠎ᠠ ᠶᠢᠨ ᠠᠶᠠᠰ ᠬᠦᠭᠵᠢᠮ ᠤᠨ ᠳᠤᠮᠳᠠ᠂ ᠰᠢ ᠶᠢᠨ ᠫᠢᠩ ᠪᠣᠯᠤᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ

ᠳᠠᠶᠢᠯᠠᠯᠭ᠎ᠠ ᠶᠢᠨ ᠲᠢᠩᠬᠢᠮ ᠳᠤ ᠠᠯᠬᠤᠨ ᠣᠷᠣᠪᠠ᠃

   ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ

ᠡᠮᠦᠨ᠎ᠡ ᠠᠴᠠ ᠡᠷᠬᠢᠮ ᠵᠣᠴᠢᠳ ᠢ ᠪᠠᠶᠠᠷᠯᠠᠨ ᠤᠭᠲᠤᠪᠠ᠃

   ᠰᠢ ᠶᠢᠨ ᠫᠢᠩ᠂ ᠠᠹᠷᠢᠺᠠ ᠲᠢᠪ ᠤᠨ ᠨᠠᠶᠢᠵᠠ ᠨᠠᠷ ᠲᠠᠢ ᠠᠭᠤᠯᠵᠠᠬᠤ ᠪᠦᠷᠢ ᠨᠠᠳᠠᠳᠤ ᠲᠤᠩ ᠳᠣᠲᠣᠨᠣ ᠰᠠᠨᠠᠭᠳᠠᠳᠠᠭ᠂ ᠢᠯᠠᠩᠭᠤᠶ᠎ᠠ ᠳᠤᠮᠳᠠᠳᠤ

ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠠᠭᠤᠷᠢ ᠪᠠᠲᠤ᠂ ᠡᠬᠢᠯᠡᠯᠲᠡ ᠶᠢᠨ ᠴᠡᠭ ᠥᠨᠳᠥᠷ᠂ ᠠᠯᠤᠰ

ᠢᠷᠡᠭᠡᠳᠦᠢ ᠥᠷᠭᠡᠨ ᠠᠭᠤᠳᠠᠮ ᠪᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠡᠷᠡᠯ

ᠰᠠᠴᠤᠷᠠᠩᠭᠤᠢ ᠬᠡᠪ ᠳᠠᠭᠤᠷᠢᠶᠠᠯ ᠦᠵᠡᠭᠦᠯᠦᠭᠰᠡᠨ ᠢ ᠭᠦᠨᠵᠡᠭᠡᠢ ᠮᠡᠳᠡᠷᠡᠵᠤ ᠤᠯᠳᠠᠭ᠃ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ

ᠴᠣᠭᠴᠠ ᠤᠯᠠᠮᠵᠢᠯᠠᠯᠲᠤ ᠨᠥᠬᠦᠷᠯᠡᠯ ᠳᠤ ᠦᠨᠳᠦᠰᠦᠯᠡᠵᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠳᠡᠭᠡᠷ᠎ᠡ ᠢᠯᠡᠷᠡᠵᠦ᠂ ᠴᠠᠭ ᠦᠶ᠎ᠡ ᠲᠠᠢ

ᠵᠡᠷᠭᠡ ᠪᠠᠷ ᠤᠷᠤᠭᠰᠢᠯᠠᠬᠤ ᠲᠤᠮᠳᠠ ᠪᠤᠵᠠᠭᠠᠶᠢᠷᠠᠪᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠠᠢ ᠡᠵᠡᠷᠬᠡᠭ ᠲᠦᠷᠢᠮᠡᠭᠡᠶᠢᠳᠡᠨ ᠢ

ᠡᠰᠡᠷᠭᠦᠴᠡᠬᠦ ᠺᠣᠯᠣᠨᠢᠴᠢᠯᠠᠯ ᠢ ᠡᠰᠡᠷᠭᠦᠴᠡᠬᠦ ᠡᠵᠡᠷᠬᠡᠬᠦ ᠦᠵᠡᠯ ᠢ ᠡᠰᠡᠷᠭᠦᠴᠡᠬᠦ ᠲᠡᠮᠡᠴᠡᠯ ᠳᠤᠮᠳᠠ ᠮᠥᠷᠥ ᠵᠡᠷᠭᠡᠴᠡᠨ ᠲᠡᠮᠡᠴᠡᠵᠦ᠂ ᠬᠥᠭᠵᠢᠨ ᠮᠠᠨᠳᠤᠬᠤ᠂

ᠬᠦᠰᠡᠯ ᠵᠡᠭᠦᠳᠦ ᠪᠠᠨ ᠲᠡᠷᠭᠡᠯᠰᠢᠭᠦᠯᠬᠦ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠨ ᠤᠷᠤᠭᠰᠢᠯᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ

ᠬᠢᠵᠢᠭ ᠲᠠᠢ ᠲᠡᠮᠡᠴᠡᠬᠦ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ

ᠳᠡᠭᠡᠷ᠎ᠡ ᠬᠦᠴᠦ ᠪᠠᠨ ᠬᠠᠮᠲᠤᠳᠬᠠᠨ ᠬᠠᠮᠵᠢᠯᠴᠠᠪᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠠᠹᠷᠢᠺᠠ ᠶᠢᠨ ᠨᠥᠬᠦᠷᠯᠡᠯ

ᠦᠷᠭᠦᠯᠵᠢᠯᠡᠨ ᠤᠯᠠᠮᠵᠢᠯᠠᠭᠳᠠᠵᠤ ᠶᠠᠪᠤᠬᠤ ᠲᠤᠳᠤᠮ ᠪᠠᠬᠢᠵᠢᠪᠡ ᠭᠡᠵᠦ ᠵᠢᠭᠠᠵᠤ ᠭᠠᠷᠭᠠᠪᠠ᠃

   ᠰᠢ ᠶᠢᠨ ᠫᠢᠩ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠬᠦᠰᠡᠯ ᠵᠡᠭᠦᠳᠦ ᠮᠥᠨ᠂

ᠣᠳᠣᠬᠢᠴᠢᠯᠠᠯᠲᠠ ᠪᠣᠯ ᠬᠦᠰᠡᠯ ᠵᠡᠭᠦᠳᠦ ᠶᠢ ᠪᠣᠳᠠᠲᠤ ᠠᠬᠤᠢ ᠲᠠᠢ ᠬᠤᠯᠪᠣᠬᠤ ᠵᠠᠶᠢᠯᠠᠰᠢ ᠦᠭᠡᠢ ᠵᠠᠮ ᠮᠥᠨ᠃ ᠥᠩᠭᠡᠷᠡᠭᠰᠡᠨ ᠪᠠ ᠤᠳᠤ ᠭᠡᠰᠡᠨ ᠦᠭᠡᠢ᠂

ᠳᠤᠮᠳᠠᠳᠤ ᠠᠹᠷᠢᠺᠠ ᠪᠣᠯ ᠴᠥᠮ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠬᠤᠰᠢᠭᠤᠴᠢ ᠮᠥᠨ᠂ ᠢᠷᠡᠭᠡᠳᠦᠢ ᠳᠤ ᠪᠠᠰᠠ ᠯᠠᠪᠲᠠᠢ

ᠭᠠᠷ ᠬᠤᠯᠪᠣᠨ ᠣᠳᠣᠬᠢᠴᠢᠯᠠᠯᠲᠠ ᠶᠢᠨ ᠠᠬᠢᠴᠠ ᠶᠢᠨ ᠡᠮᠦᠨ᠎ᠡ ᠡᠩᠨᠡᠭᠡᠨ ᠳᠤ ᠶᠠᠪᠤᠬᠤ ᠪᠣᠯᠤᠨ᠎ᠠ᠃ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ

ᠠᠷᠠᠳ ᠲᠦᠮᠡᠨ ᠨᠢᠭᠡ ᠰᠡᠳᠭᠢᠯ ᠨᠢᠭᠡ ᠴᠢᠭᠯᠡᠯ ᠢᠶᠠᠷ ᠤᠷᠤᠭᠰᠢᠯᠠᠳᠠᠭ ᠯᠠ ᠶᠤᠮ ᠪᠣᠯ ᠣᠳᠣᠬᠢᠴᠢᠯᠠᠯᠲᠠ ᠶᠢᠨ ᠵᠠᠮ ᠳᠡᠭᠡᠷ᠎ᠡ ᠯᠠᠪᠲᠠᠢ ᠬᠡᠷᠡᠯ ᠰᠠᠴᠤᠷᠠᠩᠭᠤᠢ

ᠠᠮᠵᠢᠯᠲᠠ ᠶᠢ ᠬᠠᠮᠲᠤ ᠪᠠᠷ ᠡᠭᠦᠳᠴᠦ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠦᠢᠯᠡᠰ ᠤᠨ ᠥᠷᠨᠢᠨ

ᠬᠥᠭᠵᠢᠬᠦ ᠶᠢ ᠬᠦᠳᠦᠯᠥᠨ ᠳᠠᠭᠠᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠬᠤᠪᠢ

ᠨᠡᠮᠡᠷᠢ ᠦᠵᠡᠭᠦᠯᠬᠦ ᠪᠣᠯᠤᠨ᠎ᠠ ᠭᠡᠳᠡᠭ ᠢ ᠪᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ ︵ᠪᠦᠬᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ︶

   ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠰᠤᠨᠤᠭᠠᠯ ᠤᠨ ᠶᠡᠷᠦᠩᠬᠡᠶᠢᠯᠡᠭᠴᠢ ᠹᠠᠶᠤ ᠠᠹᠷᠢᠺᠠ ᠶᠢᠨ ᠲᠠᠯ᠎ᠠ ᠶᠢᠨ ᠤᠳᠤᠷᠢᠳᠬᠤ

ᠬᠥᠮᠦᠰ ᠢ ᠲᠥᠯᠥᠭᠡᠯᠡᠨ ᠨᠥᠬᠦᠷᠰᠡᠭ ᠳᠤᠮᠳᠠᠳᠤ ᠤᠯᠤᠰ ᠤᠨ ᠠᠷᠠᠳ ᠲᠦᠮᠡᠨ ᠤ ᠬᠠᠯᠠᠭᠤᠮᠰᠤᠭ ᠵᠣᠴᠢᠯᠠᠭ᠎ᠠ ᠪᠠ ᠨᠢᠮᠪᠠᠢ ᠲᠤᠬᠢᠷᠠᠭᠤᠯᠤᠯᠳᠠ ᠳᠤ

ᠲᠠᠯᠠᠷᠬᠠᠵᠤ᠂ ᠠᠹᠷᠢᠺᠠ ᠳᠤᠮᠳᠠᠳᠤ ᠶᠢᠨ ᠨᠥᠬᠦᠷᠯᠡᠯ ᠤᠨ ᠰᠠᠭᠤᠷᠢ ᠭᠦᠨ ᠵᠤᠵᠠᠭᠠᠨ᠂ ᠥᠨᠢ ᠤᠳᠠᠭᠠᠨ ᠤᠯᠠᠮᠵᠢᠯᠠᠯ ᠲᠠᠢ᠂ ᠬᠤᠶᠠᠷ ᠲᠠᠯ᠎ᠠ ᠶᠢᠨ

ᠣᠶᠢᠯᠠᠭᠠᠭᠳᠠᠬᠤᠨ ᠠᠳᠠᠯᠢᠪᠲᠤᠷ᠂ ᠡᠷᠬᠡ ᠲᠡᠭᠰᠢ ᠪᠠᠷ ᠬᠠᠨᠳᠤᠯᠴᠠᠵᠤ᠂ ᠬᠠᠷᠢᠯᠴᠠᠨ ᠬᠦᠨᠳᠦᠳᠭᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ

ᠬᠦᠷᠳᠡᠵᠥ᠂ ᠪᠦᠯᠬᠦᠮᠳᠡᠨ ᠬᠠᠮᠲᠤᠷᠠᠯᠴᠠᠵᠤ᠂ ᠨᠡᠩ ᠡᠷᠬᠡ ᠲᠡᠭᠰᠢ ᠡᠮᠬᠢ ᠳᠢᠭᠯᠢᠮ ᠲᠠᠢ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠶ ᠪᠠᠶᠢᠬᠤ ᠳᠡᠯᠡᠬᠡᠢ

ᠵᠢᠷᠲᠢᠨᠴᠦ ᠶᠢ ᠪᠦᠳᠤᠬᠡᠨ ᠪᠠᠶᠢᠭᠤᠯᠬᠤ ᠶᠢ ᠰᠠᠨᠠᠭᠠᠴᠢᠯᠠᠨ᠎ᠠ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠲᠤᠰ

ᠪᠡᠶ᠎ᠡ ᠶᠢᠨ ᠲᠦᠷᠭᠡᠨ ᠬᠥᠭᠵᠢᠯᠲᠡ ᠪᠠᠨ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠡᠯᠡᠬᠡᠢ ᠶᠢᠨ ᠡᠩᠬᠡ ᠲᠠᠶᠢᠪᠤᠩ ᠪᠣᠯᠤᠨ ᠨᠡᠮᠡᠭᠳᠡᠯ ᠢ ᠠᠬᠢᠭᠤᠯᠬᠤ ᠳᠤ

ᠴᠢᠬᠤᠯᠠ ᠬᠤᠪᠢ ᠨᠡᠮᠡᠷᠢ ᠦᠵᠡᠭᠦᠯᠪᠡ᠃ ᠠᠹᠷᠢᠺᠠ ᠲᠢᠪ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠰᠢᠷᠢᠰ ᠴᠢᠬᠤᠯᠠ ᠰᠠᠨᠠᠭᠠᠴᠢᠯᠠᠭ᠎ᠠ

ᠵᠢᠴᠢ ᠶᠠᠷᠢᠶᠠᠨ ᠤ ᠲᠠᠪᠴᠠᠩ ᠤᠨ ᠲᠣᠭᠲᠠᠴᠠ ᠶᠢᠨ ᠪᠠᠶᠢᠭᠤᠯᠤᠯᠲᠠ ᠶᠢ ᠪᠠᠭᠲᠠᠭᠠᠭᠰᠠᠨ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠠᠬᠢᠭᠤᠯᠬᠤ ᠳᠤ

ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠯᠬᠦᠮᠳᠡᠯ

ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠹᠷᠢᠺᠠ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ

ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠬᠠᠮᠲᠤ ᠶᠢᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠨ᠎ᠠ ᠭᠡᠵᠦ ᠢᠯᠡᠳᠭᠡᠪᠡ᠃

   ᠳᠠᠶᠢᠯᠠᠯᠭ᠎ᠠ ᠶᠢᠨ ᠳᠠᠷᠠᠭ᠎ᠠ ᠰᠢ ᠶᠢᠨ ᠫᠢᠩ ᠪᠣᠯᠤᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ︽ᠭᠠᠷ ᠬᠤᠯᠪᠣᠨ ᠬᠠᠮᠲᠤ ᠪᠠᠷ ᠤᠷᠤᠭᠰᠢᠯᠠᠵᠤ

ᠢᠷᠡᠭᠡᠳᠦᠢ ᠪᠠᠨ ᠬᠠᠮᠲᠤ ᠪᠠᠷ ᠴᠣᠭᠴᠠᠯᠠᠶ᠎ᠠ︾ ᠭᠡᠬᠦ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃ ᠲᠣᠭᠯᠠᠯᠲᠠ ᠨᠢ ᠳᠤᠮᠳᠠᠳᠤ ᠠᠹᠷᠢᠺᠠ ᠶᠢᠨ

ᠲᠠᠩᠰᠤᠭ ᠰᠠᠶᠢᠬᠠᠨ ᠪᠣᠯᠪᠠᠰᠤᠨ ᠤ ᠬᠠᠮᠲᠤ ᠶᠢᠨ ᠠᠵᠢᠯᠯᠠᠭ᠎ᠠ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠳᠣᠲᠣᠨᠣ ᠬᠠᠶᠢᠷ᠎ᠠ ᠰᠡᠳᠭᠢᠯᠭᠡ ᠶᠢ

ᠢᠯᠡᠷᠡᠭᠦᠯᠵᠦ᠂ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠶᠠᠪᠤᠭᠳᠠᠪᠠ᠃

   ᠸᠠᠩ ᠢ᠂ ᠶᠢᠨ ᠯᠢ᠂ ᠯᠢ ᠱᠣ᠋ ᠯᠸᠢ᠂ ᠾᠧ ᠯᠢ ᠹᠧᠩ᠂ ᠸᠠᠩ ᠰᠢᠶᠤᠤ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 4 ᠤ ᠴᠠᠬᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ