ᠰᠢ ᠶᠢᠨ ᠫᠢᠩ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠠ
ᠨᠡᠶᠢᠲᠡᠯᠡᠭᠰᠡᠨ ᠴᠠᠭ᠄
2024/9/5
   9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃

6386104072826621636560297.png

   9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ

ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠶᠢᠨ ᠬᠠᠮᠲᠤ

ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ‌ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ

   ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠬᠤᠸᠠᠩ ᠵᠢᠩ ᠸᠤᠨ ᠰᠡᠭᠦᠳᠡᠷᠯᠡᠪᠡ

    ᠰᠢ ᠶᠢᠨ ᠫᠢᠩ᠂ ᠨᠢᠭᠧᠷᠢᠶ᠎ᠠ ᠪᠣᠯ ᠠᠹᠷᠢᠺᠠ ᠲᠢᠪ ᠤᠨ ᠴᠢᠬᠤᠯᠠ ᠨᠥᠯᠥᠭᠡ ᠲᠠᠢ ᠲᠤᠮᠤ ᠤᠯᠤᠰ ᠮᠥᠨ᠂ ᠯᠤᠲᠤ ᠶᠡᠭᠡ ᠬᠥᠮᠦᠨ ᠠᠮᠠ ᠶᠢᠨ 

ᠬᠡᠪᠴᠢᠶ᠎ᠡ ᠪᠠ ᠬᠥᠭᠵᠢᠯᠲᠡ ᠶᠢᠨ ᠲᠠᠯᠳᠡ ᠬᠦᠴᠦᠨ ᠲᠠᠢ ᠶᠤᠮ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠭᠠᠷᠤᠢ ᠶᠢᠨ ᠲᠤᠷᠰᠢ᠂ ᠳᠤᠮᠳᠠᠳᠤ

ᠨᠢᠭᠦᠷᠢᠶ᠎ᠠ ᠢᠮᠠᠭᠲᠠ ᠬᠠᠷᠢᠯᠴᠠᠨ ᠬᠦᠨᠳᠦᠳᠭᠡᠵᠦ᠂ ᠡᠷᠬᠡ ᠲᠡᠭᠰᠢ ᠬᠠᠨᠳᠤᠯᠴᠠᠵᠤ᠂ ᠬᠤᠯᠪᠣᠭᠠᠯᠠᠨ ᠥᠪᠡᠷ ᠢ ᠪᠠᠨ ᠬᠦᠴᠦᠷᠬᠡᠭᠵᠢᠭᠦᠯᠬᠦ᠂ ᠬᠠᠮᠲᠤᠷᠠᠯᠴᠠᠵᠤ

ᠬᠠᠮᠲᠤ ᠪᠠᠷ ᠠᠰᠢᠭ ᠬᠦᠷᠳᠡᠬᠦ ᠵᠠᠮ ᠢᠶᠠᠷ ᠵᠠᠮᠨᠠᠪᠠ᠃ ᠤᠢᠢᠷ᠎ᠠ ᠶᠢᠨ ᠵᠢᠯ ᠠᠴᠠ᠂ ᠬᠤᠶᠠᠷ ᠤᠯᠤᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ

ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠲᠣᠷ᠎ᠠ ᠨᠢᠭᠡ ᠪᠦᠯᠦᠭ ᠵᠢᠱᠢᠶ᠎ᠠ ᠦᠵᠡᠭᠦᠯᠬᠦ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠯᠢ

ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠬᠠᠮᠲᠤ ᠪᠠᠷ ᠬᠡᠷᠡᠭᠵᠢᠭᠦᠯᠪᠡ᠃ ᠳᠤᠮᠳᠠᠳᠤ ᠤᠯᠤᠰ ᠶᠠᠭ ᠥᠭᠡᠷᠡᠴᠢᠯᠡᠯᠲᠡ ᠶᠢ ᠤᠯᠠᠮ ᠨᠢᠭᠡ ᠠᠯᠬᠤᠮ

ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠤᠢ᠂ ᠡᠨᠡ ᠨᠢ ᠳᠤᠮᠳᠠᠳᠤ ᠨᠢᠭᠦᠷᠢᠶ᠎ᠠ ᠶᠢᠨ ᠬᠠᠷᠢᠯᠴᠠᠭᠠᠨ ᠤ

ᠬᠥᠭᠵᠢᠯᠲᠡ ᠳᠤ ᠨᠡᠩ ᠤᠯᠠᠨ ᠠᠵᠠ ᠲᠣᠬᠢᠶᠠᠯ ᠠᠪᠴᠢᠷᠠᠬᠤ ᠪᠣᠯᠤᠨ᠎ᠠ᠃ ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ ᠬᠠᠮᠲᠤᠷᠠᠯᠴᠠᠭ᠎ᠠ ᠪᠠᠷ ᠲᠤᠰ

ᠲᠤᠰ ᠤᠨ ᠣᠳᠣᠬᠢᠴᠢᠯᠠᠯᠲᠠ ᠪᠠᠨ ᠭᠠᠷ ᠬᠤᠯᠪᠣᠨ ᠪᠡᠶᠡᠯᠡᠭᠦᠯᠵᠦ᠂ ᠳᠤᠮᠳᠠᠳᠤ ᠨᠢᠭᠦᠷᠢᠶ᠎ᠠ ᠶᠢᠨ ᠬᠠᠷᠢᠯᠴᠠᠭ᠎ᠠ ᠶᠢᠨ ᠨᠡᠩ ᠶᠡᠭᠡ ᠰᠢᠨ᠎ᠡ ᠬᠥᠭᠵᠢᠯᠲᠡ ᠶᠢ

ᠪᠡᠶᠡᠯᠡᠭᠦᠯᠦᠶ᠎ᠡ ᠭᠡᠵᠦ ᠵᠢᠭᠠᠵᠤ ᠭᠠᠷᠭᠠᠪᠠ᠃

   ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠪᠠᠶᠢᠯᠳᠤᠬᠤ ᠪᠤᠳᠤᠯᠭ᠎ᠠ ᠶᠢᠨ

ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠵᠤ ᠬᠤᠶᠠᠷ ᠲᠠᠯ᠎ᠠ ᠶᠢᠨ ᠬᠠᠷᠢᠯᠴᠠᠭ᠎ᠠ ᠪᠠᠨ

ᠬᠥᠭᠵᠢᠭᠦᠯᠬᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ

ᠲᠠᠯ᠎ᠠ ᠪᠠᠷ ᠡᠷᠡᠰ ᠳᠡᠮᠵᠢᠯᠴᠡᠶ᠎ᠡ᠃ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ

ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ

ᠪᠦᠷᠢᠯᠳᠦᠭᠦᠯᠵᠦ᠂ ᠰᠠᠭᠤᠷᠢ ᠲᠥᠬᠦᠭᠡᠷᠦᠮᠵᠢ᠂ ᠡᠨᠧᠷᠭᠢ ᠶᠢᠨ ᠰᠤᠷᠪᠤᠯᠵᠢ ᠠᠭᠤᠷᠬᠠᠢ ᠶᠢᠨ ᠭᠠᠷᠤᠯᠲᠠ ᠪᠣᠯᠤᠨ ᠠᠵᠤ ᠦᠢᠯᠡᠰ ᠤᠨ ᠬᠠᠮᠲᠤᠷᠠᠯᠴᠠᠨ

ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠵᠡᠷᠭᠡ ᠰᠢᠨ᠎ᠡ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ

ᠪᠤᠢ ᠪᠤᠯᠭᠠᠶ᠎ᠠ᠃ ᠨᠢᠭᠦᠷᠢᠶ᠎ᠠ ᠶᠢᠨ ᠲᠠᠯ᠎ᠠ ᠶᠢᠨ ᠬᠢᠨ‌ᠨᠢᠭᠧᠷᠢᠶ᠎ᠠ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠲᠥᠷᠥᠯ ᠵᠦᠢᠯ ᠤᠨ ᠠᠮᠤᠷ

ᠲᠦᠪᠰᠢᠨ ᠢ ᠬᠠᠮᠠᠭᠠᠯᠠᠬᠤ ᠶᠢ ᠬᠦᠰᠡᠵᠦ ᠪᠠᠶᠢᠨ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠲᠠᠨᠢᠨ ᠮᠡᠳᠡᠬᠦᠶ ᠪᠠᠨ

ᠨᠡᠮᠡᠭᠳᠡᠭᠦᠯᠦᠶ᠎ᠡ᠃ ᠳᠤᠮᠳᠠᠳᠤ ᠤᠯᠤᠰ ᠨᠢᠭᠦᠷᠢᠶ᠎ᠠ ᠶᠢᠨ ᠬᠢᠨ ᠤ ᠰᠦᠷᠳᠡᠭᠦᠯᠬᠦ ᠦᠵᠡᠯ ᠳᠤ ᠴᠣᠬᠢᠯᠲᠠ ᠥᠭᠴᠦ᠂ ᠭᠠᠵᠠᠷ ᠣᠷᠣᠨ ᠤ ᠲᠣᠭᠲᠠᠭᠤᠨ ᠢ

ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠬᠦ ᠶᠢ ᠲᠡᠮᠵᠢᠵᠥ᠂ ᠳᠤᠷᠠᠲᠠᠶ᠎ᠠ

ᠨᠢᠭᠧᠷᠢᠶ᠎ᠠ ᠶᠢᠨ ᠬᠢᠨ ᠲᠠᠢ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠰᠢᠭ

ᠲᠤᠰᠠ ᠶᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃

   ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠳᠤᠮᠳᠠᠳᠤ ᠠᠹᠷᠢᠺᠠ ᠶᠢᠨ ᠪᠣᠳᠠᠲᠠᠢ ᠶᠢ ᠡᠷᠬᠢᠮᠯᠡᠭᠰᠡᠨ

ᠬᠠᠮᠲᠤᠷᠠᠯᠴᠠᠭ᠎ᠠ ᠶᠢ ᠠᠬᠢᠭᠤᠯᠬᠤ ᠪᠦᠲᠦᠮᠵᠢᠲᠡᠢ ᠲᠣᠭᠲᠠᠴᠠ ᠪᠣᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ

ᠬᠠᠮᠲᠤᠷᠠᠯᠴᠠᠭᠠᠨ ᠤ ᠨᠢᠭᠡᠨ ᠲᠤᠭ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠪᠡᠭᠡᠵᠢᠩ ᠤᠨ

ᠲᠦᠷᠦᠭᠦᠴᠦᠳ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠵᠦ᠂

ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠰᠢᠨ᠎ᠡ ᠴᠠᠭ

ᠦᠶ᠎ᠡ ᠶᠢᠨ ᠳᠤᠮᠳᠠᠳᠤ ᠠᠹᠷᠢᠺᠠ ᠶᠢᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃

   ᠲᠢᠨᠦ᠋ᠪᠦ᠋᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠳᠤᠮᠳᠠᠳᠤ ‍ᠤᠮᠤᠰ ᠤᠨ

ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃ ᠨᠢᠭᠦᠷᠢᠶ᠎ᠠ ᠳᠤᠮᠳᠠᠳᠤ ᠶᠢᠨ ᠬᠠᠷᠢᠯᠴᠠᠭ᠎ᠠ ᠨᠢᠭᠡᠨᠲᠡ ᠬᠠᠭᠠᠰ ᠵᠠᠭᠤᠨ ᠭᠠᠷᠤᠢ ᠦᠷᠭᠦᠯᠵᠢᠯᠡᠵᠦ᠂

ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢᠭᠦᠷᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ᠃ ᠪᠢ ᠲᠡᠷᠢᠭᠦᠯᠡᠭᠴᠢ ᠰᠢ ᠶᠢᠨ ᠫᠢᠩ ᠤᠨ

ᠨᠢᠭᠦᠷᠢᠶ᠎ᠠ ᠳᠤᠮᠳᠠᠳᠤ ᠶᠢᠨ ᠬᠠᠷᠢᠯᠴᠠᠭ᠎ᠠ ᠶᠢᠨ ᠲᠤᠬᠠᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠨ᠎ᠡ᠃ ᠨᠢᠭᠧᠷᠢᠶ᠎ᠠ ᠯᠤᠲᠤ ᠶᠡᠭᠡ ᠵᠠᠯᠠᠭᠤ ᠬᠥᠮᠦᠨ ᠠᠮᠠ

ᠪᠠ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ᠃ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠨᠢᠭᠡᠨᠲᠡ ᠠᠭᠤᠤ ᠶᠡᠭᠡ ᠠᠮᠵᠢᠯᠲᠠ

ᠣᠯᠵᠠᠢ᠂ ᠨᠢᠭᠦᠷᠢᠶ᠎ᠠ ᠶᠢᠨ ᠬᠢᠨ ᠪᠠᠰᠠ ᠥᠭᠡᠷᠡᠴᠢᠯᠡᠯᠲᠡ ᠨᠡᠬᠡᠬᠡᠯᠳᠡ ᠬᠢᠵᠦ ᠪᠤᠢ᠂ ᠨᠢᠭᠦᠷᠢᠶ᠎ᠠ ᠳᠤᠮᠳᠠᠳᠤ ᠠᠵᠤ ᠠᠬᠤᠢ ᠶᠢᠨ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ᠂ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠨᠢ ᠨᠢᠭᠧᠷᠢᠶ᠎ᠠ ᠶᠢᠨ ᠢᠷᠡᠭᠡᠳᠦᠢ ᠶᠢᠨ

ᠬᠥᠭᠵᠢᠯᠲᠡ ᠳᠤ ᠲᠦᠢᠯ ᠤᠨ ᠴᠢᠬᠤᠯᠠ ᠶᠤᠮ᠃ ᠨᠢᠭᠦᠷᠢᠶ᠎ᠠ ᠶᠢᠨ ᠬᠢᠨ ᠳᠤᠮᠳᠠᠳᠤ ᠤᠯᠤᠰ ᠤᠨ ᠠᠹᠷᠢᠺᠠ ᠲᠢᠪ ᠲᠠᠬᠢ ᠬᠠᠮᠤᠭ ᠤᠨ ᠶᠡᠭᠡ ᠠᠷᠠᠯᠵᠢᠶ᠎ᠠ ᠪᠡᠯᠡ

ᠣᠷᠣᠭᠤᠯᠤᠯᠲᠠ ᠶᠢᠨ ᠬᠠᠮᠲᠤᠷᠠᠯᠴᠠᠭᠠᠨ ᠤ ᠬᠠᠨᠢᠲᠠᠨ ᠪᠣᠯᠬᠤ ᠶᠢ ᠬᠦᠰᠡᠵᠦ ᠪᠠᠶᠢᠨ᠎ᠠ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ

ᠨᠢᠭᠦᠷᠢᠶ᠎ᠠ ᠳᠤ ᠬᠦᠷᠴᠦ ᠪᠡᠯᠡ ᠣᠷᠣᠭᠤᠯᠤᠨ᠂ ᠬᠥᠳᠡᠭᠡ ᠠᠵᠤ ᠠᠬᠤᠢ᠂ ᠦᠢᠯᠡᠳᠬᠦ ᠦᠢᠯᠡᠰ᠂ ᠠᠭᠤᠷᠬᠠᠢ ᠶᠢᠨ ᠡᠨᠧᠷᠭᠢ᠂ ᠰᠠᠭᠤᠷᠢ ᠲᠥᠬᠦᠭᠡᠷᠦᠮᠵᠢ

ᠵᠡᠷᠭᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠭᠡᠵᠦ᠂ ᠨᠢᠭᠦᠷᠢᠶ᠎ᠠ ᠪᠣᠯᠤᠨ ᠪᠠᠷᠠᠭᠤᠨ ᠬᠡᠰᠡᠭ ᠤᠨ ᠠᠹᠷᠢᠺᠠ ᠲᠢᠪ ᠤᠨ

ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠶᠠᠳᠠᠭᠤ ᠠᠴᠠ ᠪᠦᠲᠦᠮᠵᠢᠲᠡᠢ ᠠᠩᠭᠢᠵᠢᠷᠠᠭᠤᠯᠬᠤ ᠶᠢ ᠪᠠᠶᠠᠷᠯᠠᠨ ᠤᠭᠳᠤᠨ᠎ᠠ

᠂ ᠨᠢᠭᠧᠷᠢᠶ᠎ᠠ ᠶᠢᠨ ᠬᠢᠨ ᠳᠤᠷᠠᠲᠠᠶ᠎ᠠ ᠡᠭᠦᠨ ᠳᠤ ᠰᠠᠶᠢᠨ ᠰᠠᠶᠢᠬᠠᠨ ᠠᠮᠤᠷ ᠲᠦᠪᠰᠢᠨ ᠤ ᠨᠥᠬᠦᠴᠡᠯ ᠬᠠᠩᠭᠠᠨ᠎ᠠ᠃ ᠳᠤᠮᠳᠠᠳᠤ  ᠣᠯᠣᠰ ᠨᠢᠭᠧᠷᠢᠶ᠎ᠠ ᠶᠢᠨ

ᠵᠠᠯᠠᠭᠤᠴᠤᠳ ᠲᠤ ᠴᠢᠬᠤᠯᠠ ᠪᠣᠯᠪᠠᠰᠤᠷᠠᠯ ᠤᠨ ᠲᠣᠬᠢᠶᠠᠯ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ‍ᠤᠮᠤᠰ ᠲᠠᠢ ᠰᠣᠶᠣᠯ

ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠨᠢᠭᠧᠷᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ

ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠤᠨ ᠲᠠᠯ᠎ᠠ ᠪᠠᠷ

ᠦᠷᠭᠦᠯᠵᠢᠯᠡᠨ ᠡᠷᠡᠰ ᠲᠡᠮᠵᠢᠯᠴᠡᠨ᠎ᠡ᠃ ᠨᠢᠭᠧᠷᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠤᠯᠤᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠲᠤᠰ

ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠲᠡᠭᠦᠰ

ᠠᠮᠵᠢᠯᠲᠠ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃

    ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ

ᠬᠠᠮᠲᠤᠷᠠᠯᠴᠠᠭᠠᠨ ᠤ ᠲᠥᠯᠥᠪᠵᠢᠭᠦᠯᠭᠡ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠶᠢᠨ ᠬᠥᠭᠵᠢᠯᠲᠡ᠂ ᠳᠣᠬᠢᠭᠤᠷ

ᠲᠤᠯᠤᠭᠠᠨ ᠤᠳᠤ ᠳᠠᠭᠠᠭᠤᠯᠢ ᠤᠳᠤᠨ ᠤ ᠵᠠᠮᠴᠢᠯᠠᠬᠤ ᠰᠢᠰᠲ᠋ᠧᠮ ᠤᠨ ᠬᠡᠷᠡᠭᠯᠡᠭᠡᠨ᠂ ᠯᠣᠬᠠᠱᠧᠩ ᠢ ᠳᠤᠮᠳᠠᠳᠤ ᠤᠯᠤᠰ ᠲᠤ ᠣᠷᠣᠭᠤᠯᠬᠤ᠂ ᠰᠣᠨᠢᠨ

ᠮᠡᠳᠡᠭᠡᠨ ᠤ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ

ᠵᠢᠷᠤᠬᠤ ᠶᠢ ᠬᠠᠮᠲᠤ ᠪᠠᠷ ᠭᠡᠷᠡᠴᠢᠯᠡᠪᠡ᠃

   ᠬᠤᠶᠠᠷ ᠲᠠᠯ᠎ᠠ ᠪᠠᠷ ᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠥᠬᠦᠳᠡ ᠨᠠᠶᠢᠷᠠᠮᠳᠠᠬᠤ ᠬᠤᠯᠪᠣᠭᠠᠨ ᠤ ᠨᠢᠭᠧᠷᠢᠶ᠎ᠠ

ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ ᠥᠨᠳᠥᠷ ᠬᠢᠷᠢ ᠬᠡᠮᠵᠢᠶ᠎ᠡ ᠪᠥᠬᠦᠶ ᠳᠤᠮᠳᠠᠳᠤ

ᠨᠢᠭᠦᠷᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠶ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃

    ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠲᠢᠨᠦ᠋ᠪᠦ᠋ ᠶᠢ

ᠤᠭᠲᠤᠬᠤ ᠶᠣᠰᠣᠯᠠᠯ ᠶᠠᠪᠤᠭᠤᠯᠪᠠ᠃

   ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠬᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ