ᠰᠣᠶᠣᠯᠲᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 86 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/5
   9 ᠰᠠᠷ᠎ᠠ ᠶᠢᠨ 4 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 86 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃

微信截图_20240905161516.png

  

   ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ︵︽ᠪᠠᠷᠠᠭᠤᠨ ᠣᠷᠣᠨ ᠢ ᠶᠡᠬᠡᠪᠡᠷ

ᠨᠡᠭᠡᠭᠡᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾

 ᠢ ᠬᠢᠨᠠᠨ ᠵᠥᠪᠯᠡᠵᠡᠢ᠃

    ᠬᠤᠷᠠᠯ ᠠᠴᠠ ᠵᠢᠭᠠᠵᠣ  ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ  ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ

ᠬᠤᠷᠠᠯ ᠢ ᠡᠷᠭᠢᠯᠡᠨ ᠬᠤᠷᠠᠯᠳᠤᠭᠤᠯᠵᠤ᠂ ︽ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ ᠰᠢᠨ᠎ᠡ

ᠪᠠᠶᠢᠷᠢᠰᠢᠯ ᠢ ᠪᠦᠷᠢᠯᠳᠦᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ

ᠬᠥᠭᠵᠢᠭᠦᠯᠬᠦ ᠶᠢ ᠰᠢᠨ᠎ᠡ ᠳᠡᠭᠲᠡᠷ ᠲᠤ ᠭᠠᠷᠭᠠᠵᠤ᠂ ᠪᠠᠷᠠᠭᠤᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ

ᠬᠦᠴᠦᠨ ᠨᠡᠮᠡᠷᠢᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ

ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ  ᠰᠢᠢᠳᠪᠦᠷᠢᠲᠣ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ 

ᠨᠢᠭᠡᠳᠬᠡᠵᠦ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠶᠡᠭᠡ ᠬᠠᠮᠠᠭᠠᠯᠠᠯᠲᠠ᠂

ᠶᠡᠭᠡ ᠨᠡᠭᠡᠭᠡᠯᠲᠡ᠂ ᠴᠢᠨᠠᠷ ᠰᠠᠶᠢᠲᠠᠶ ᠬᠥᠭᠵᠢᠯᠲᠡ ᠶᠢ ᠢᠮᠠᠭᠲᠠ ᠰᠠᠶᠢᠲᠤᠷ ᠠᠳᠬᠤᠬᠤ ᠬᠡᠷᠡᠭᠲᠡᠶ ᠬᠡᠪᠡ᠃

    ᠬᠤᠷᠠᠯ ᠠᠴᠠ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾

ᠪᠣᠯᠤᠨ 2024 ᠣᠨ ᠤ ᠭᠤᠷᠪᠠᠳᠤᠭᠠᠷ ᠤᠯᠠᠷᠢᠯ ᠤᠨ ᠲᠥᠪ ᠤᠨ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ

ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ

ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃

ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ

ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ

ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠬᠡᠪ ᠤᠨ ᠪᠥᠭᠡᠳ ᠤᠷᠳᠤ ᠬᠤᠭᠤᠴᠠᠭ᠎ᠠ ᠪᠠᠷ

ᠠᠬᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ

ᠴᠢᠩᠭᠠᠳᠬᠠᠬᠤ ᠬᠡᠷᠡᠭᠲᠡᠢ᠃ ︽ᠲᠣᠭᠲᠠᠭᠠᠯ ᠤᠳ︾ ᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠪᠠ

ᠨᠠᠮ ᠤᠨ ᠰᠤᠷᠭᠠᠭᠤᠯᠢ ᠶᠢᠨ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ

ᠵᠢᠯᠣᠭᠤᠳᠴᠤ ᠪᠠᠶᠢᠭᠠᠳ ᠭᠤᠣᠯ ᠵᠣᠷᠢᠯᠲᠠ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠭᠦᠯᠵᠦ᠂ ᠨᠡᠩ ᠤᠯᠠᠨ

ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ᠂ ᠠᠵᠤ ᠠᠬᠤᠶᠢᠯᠠᠯ᠂ ᠬᠥᠭᠵᠢᠯᠲᠡ ᠳᠡᠭᠡᠷ᠎ᠡ ᠲᠠᠯᠪᠢᠵᠤ᠂ ᠦᠨᠳᠦᠰᠦᠨ ᠱᠠᠲᠤᠨ ᠤ

ᠳᠠᠷᠤᠭᠠᠰᠤ ᠶᠢ ᠬᠥᠩᠭᠡᠷᠡᠭᠦᠯᠬᠦ ᠠᠵᠢᠯ ᠳᠤ ᠨᠡᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ  ᠬᠡᠵᠡᠢ᠃

    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

   

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ