1 ᠰᠠᠷ᠎ᠠ ᠶᠢᠨ 14 ᠤ ᠡᠳᠦᠷ᠂ ᠪᠠᠶᠠᠨᠨᠠᠭᠤᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 92 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | | | | | | | | ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠵᠢᠴᠢ ᠪᠠᠶᠠᠨᠨᠠᠭᠤᠷ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠳᠡᠭᠡᠷ᠎ᠡ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠪᠣᠳᠠᠲᠤ ᠠᠵᠢᠯᠯᠠᠭ᠎ᠠ | ᠪᠣᠯᠭᠠᠨ ᠬᠤᠪᠢᠷᠠᠭᠤᠯᠬᠤ ᠬᠡᠷᠡᠭᠲᠡᠶ᠃ ︽ᠲᠠᠪᠤᠨ ᠶᠡᠭᠡ ᠡᠭᠦᠷᠭᠡ︾ ᠶᠢ ᠭᠦᠨᠵᠡᠭᠡᠶ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ᠂ ᠠᠵᠤ | ᠠᠬᠤᠶᠢᠯᠠᠯ ᠢ ᠲᠤᠰᠠᠯᠠᠬᠤ᠂ ᠠᠵᠢᠯ ᠣᠯᠭᠤᠯᠲᠠ ᠶᠢ ᠠᠬᠢᠭᠤᠯᠬᠤ᠂ ᠤᠰᠤ ᠠᠷᠪᠢᠯᠠᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠢᠷᠡᠬᠦ ᠵᠢᠯ ᠤᠨ ᠡᠯ᠎ᠡ | ᠵᠦᠢᠯ ᠤᠨ ᠭᠤᠤᠯᠳᠠᠯᠭ᠎ᠠ ᠲᠠᠢ ᠠᠵᠢᠯ ᠢ ᠭᠦᠨᠵᠡᠭᠡᠶ ᠰᠦᠪᠡᠭᠴᠢᠯᠡᠨ ᠪᠣᠳᠠᠲᠠᠶᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠨᠠᠩ ᠶᠡᠭᠡ ᠪᠣᠳᠠᠲᠤ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠵᠢᠯ ᠤᠨ ᠡᠴᠦᠰ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠠᠪᠰᠤᠷᠤᠨ ᠲᠡᠳᠬᠦᠵᠦ ᠲᠣᠬᠤᠨᠢᠭᠤᠯᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠪᠠᠲᠤᠯᠠᠭ᠎ᠠ᠂ | ᠠᠶᠤᠯᠭᠦᠢ ᠦᠢᠯᠡᠳᠪᠦᠷᠢᠯᠡᠯ᠂ ᠵᠥᠷᠢᠴᠡᠯ ᠢ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠶᠢᠭᠡᠮ ᠤᠨ | ᠲᠣᠭᠲᠠᠭᠤᠨ ᠪᠠᠶᠢᠳᠠᠯ ᠪᠣᠯᠤᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ | ᠬᠡᠷᠡᠭᠲᠡᠢ ᠬᠡᠪᠡ᠃ | ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠵᠥᠷᠢᠴᠡᠭᠰᠡᠨ ᠲᠤᠯᠤᠭᠠᠨ ᠨᠡᠶᠢᠲᠡᠯᠢᠭ ᠠᠰᠠᠭᠤᠳᠠᠯ ᠢ ᠢᠯᠡ ᠪᠠᠷ ᠵᠠᠷᠯᠠᠨ ᠮᠡᠳᠡᠭᠳᠡᠵᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠳᠤ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠣᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠢᠯᠵᠠᠷᠠᠯ ᠢ ᠡᠰᠡᠷᠭᠦᠴᠡᠬᠦ ᠲᠡᠮᠡᠴᠡᠯ ᠤᠨ | ᠪᠠᠶᠢᠳᠠᠯ ᠤᠨ ᠲᠤᠬᠠᠶ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠥᠭᠡᠷᠡᠴᠢᠯᠡᠯᠲᠡ ᠶᠢᠨ ᠵᠣᠷᠢᠭ | ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ | ᠬᠡᠷᠡᠭᠲᠡᠶ ᠬᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |