ᠰᠣᠶᠣᠯᠲᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠡᠮᠨᠡᠯᠭᠡ ᠶᠢᠨ ᠠᠵᠢᠯᠲᠠᠨ ᠵᠢᠴᠢ ᠠᠬᠠᠮᠠᠳ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2025/1/23
     1 ᠰᠠᠷ᠎ᠠ ᠶᠢᠨ 22 ᠤᠨ ᠡᠳᠦᠷ᠂ ᠪᠠᠶᠠᠨᠨᠠᠭᠤᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠡᠮᠨᠡᠯᠭᠡ ᠶᠢᠨ ᠠᠵᠢᠯᠲᠠᠳ ᠪᠠ ᠠᠬᠠᠮᠠᠳ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃     ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠲᠠᠪᠢᠨᠲᠠᠪᠤ ᠶᠢᠨ ᠭᠡᠷ ᠲᠤ᠂ ᠰᠤᠶᠤᠯᠳᠤ  ᠲᠡᠬᠦᠨ ᠲᠠᠢ ᠳᠣᠲᠣᠨᠣ ᠪᠠᠷ ᠶᠠᠷᠢᠯᠴᠠᠵᠤ᠂ ᠠᠮᠢᠳᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠵᠤ᠂ ᠣᠷᠣᠨ ᠨᠤᠲᠤᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠬᠠᠮᠠᠳ ᠺᠠᠳ᠋ᠷ ᠤᠨ ᠠᠮᠢᠳᠤᠷᠠᠯ ᠢ ᠦᠷᠭᠦᠯᠵᠢᠯᠡᠨ ᠠᠩᠬᠠᠷᠴᠤ᠂ ᠲᠡᠳᠡᠨ ᠤ ᠥᠲᠡᠯᠦᠭᠡ ᠨᠠᠰᠤ ᠪᠠᠨ ᠠᠮᠤᠷ ᠲᠠᠶᠢᠪᠣᠩ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

微信图片_20250123100019.jpg

 

    ᠡᠮᠨᠡᠯᠭᠡ ᠶᠢᠨ ᠠᠵᠢᠯᠲᠠᠨ ᠶᠠᠩ ᠱᠢ ᠵᠢᠶᠧ ᠶᠢᠨ ᠭᠡᠷ ᠲᠤ᠂ ᠰᠤᠶᠤᠯᠳᠤ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂

ᠡᠮᠴᠢᠯᠡᠭᠡᠨ ᠤ ᠬᠦᠷᠢᠶᠡᠨ ᠳᠠᠬᠢ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠮᠠᠭᠲᠠᠨ ᠰᠠᠶᠢᠰᠢᠶᠠᠭᠰᠠᠨ ᠪᠥᠭᠡᠳ ᠲᠡᠭᠦᠨ ᠤ ᠡᠮᠴᠢ ᠶᠢᠨ ᠡᠨᠡᠷᠢᠩᠭᠦᠢ ᠵᠣᠷᠢᠭ

ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠷᠠᠳ ᠤᠯᠠᠨ ᠤ ᠡᠷᠡᠭᠦᠯ ᠮᠡᠨᠳᠤ ᠶᠢ ᠬᠠᠮᠠᠭᠠᠯᠠᠬᠤ ᠶᠢ ᠵᠣᠷᠢᠭᠵᠢᠭᠤᠯᠪᠠ᠃

微信图片_20250123100016.jpg

 

     ᠠᠬᠠᠮᠠᠳ ᠴᠡᠷᠢᠭ ᠠᠴᠠ ᠬᠠᠯᠠᠭᠳᠠᠭᠰᠠᠳ ᠵᠠᠩ ᠵᠢᠶᠠᠨ ᠷᠦᠩ ᠤᠨ ᠬᠡᠷ ᠲᠤ᠂ ᠰᠤᠶᠤᠯᠲᠤ ᠨᠠᠰᠤᠲᠠᠨ ᠤ ᠲᠡᠮᠡᠴᠡᠯ ᠤᠨ ᠥᠩᠭᠡᠷᠡᠯᠲᠡ ᠶᠢ ᠨᠠᠷᠢᠨ

ᠬᠢᠨᠠᠮᠠᠭᠠᠶ ᠰᠣᠨᠣᠰᠴᠤ᠂ ᠬᠤᠪᠢᠷᠠᠯᠲᠠ ᠬᠥᠭᠵᠢᠯᠲᠡ ᠶᠢ ᠶᠠᠷᠢᠯᠴᠠᠵᠤ᠂ ᠤᠭ ᠰᠠᠨᠠᠭ᠎ᠠ ᠪᠠᠨ ᠳᠤᠷᠠᠰᠤᠨ ᠰᠠᠨᠠᠭᠠᠯᠵᠠᠵᠤ᠂ ᠡᠷᠬᠢᠮ ᠳᠡᠭᠡᠳᠦ ᠬᠦᠨᠳᠦᠳᠬᠡᠯ ᠢᠶᠠᠨ

ᠢᠯᠡᠳᠬᠡᠬᠦ ᠶᠢᠨ ᠬᠠᠮᠲᠤ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠬᠠᠮᠠᠳ

ᠪᠠᠭᠠᠲᠤᠷᠴᠤᠳ ᠤᠨ ᠥᠲᠡᠯᠦᠭᠡ ᠨᠠᠰᠤᠨ ᠤ ᠵᠣᠯ ᠵᠢᠷᠭᠠᠯ ᠢ ᠦᠨᠡᠨ ᠬᠦ  ᠪᠠᠲᠣᠯᠠᠨ᠎ᠠ ᠬᠡᠪᠡ᠃

微信图片_20250123100011.jpg

 

     ᠰᠣᠶᠣᠯᠲᠤ ᠢᠯᠡᠷᠬᠡᠶᠢᠯᠡᠬᠦ ᠳᠡᠭᠡᠨ᠂ ᠠᠬᠠᠮᠠᠳ ᠨᠥᠬᠦᠳ ᠤᠨ ᠪᠣᠳᠠᠲᠠᠶ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠡᠯ᠎ᠡ  ᠵᠦᠢᠯ ᠤᠨ

ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ

ᠬᠠᠯᠠᠮᠵᠢ ᠶᠢ  ᠬᠦᠷᠲᠡᠭᠡᠬᠦ ᠶᠢᠨ ᠬᠠᠮᠲᠤ᠂ ᠲᠡᠷᠡ ᠪᠠᠰᠠ ᠠᠵᠢᠯ ᠤᠨ ᠪᠠᠶᠢᠷᠢ ᠳᠠᠭᠠᠨ ᠪᠠᠶᠢᠭ᠎ᠠ ᠬᠥᠮᠥᠰ ᠢ ᠠᠬᠠᠮᠠᠳ ᠨᠢᠭᠡ ᠦᠶ᠎ᠡ ᠪᠠᠷ ᠳᠠᠭᠤᠷᠢᠶᠠᠯ ᠪᠣᠯᠭᠠᠵᠤ

᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠦᠴᠦᠨ ᠴᠢᠳᠠᠯ ᠢᠶᠠᠨ ᠡᠷᠭᠦᠵᠦ᠂ ︽ᠦᠢᠯᠡᠰ ᠪᠤᠰᠬᠠᠵᠤ ᠠᠷᠠᠳ ᠢ ᠪᠠᠶᠠᠵᠢᠭᠤᠯᠬᠤ᠂ ᠦᠵᠡᠮᠵᠢ ᠰᠠᠶᠢᠬᠠᠨ

ᠬᠥᠮᠥᠨ ᠠᠷᠠᠳ ᠡᠶ᠎ᠡ ᠨᠠᠶᠢᠷᠠᠮᠳᠠᠭᠤ᠂ ᠠᠭᠤᠰᠤᠯᠴᠠᠨ ᠨᠡᠭᠡᠭᠡᠯᠲᠡ ᠬᠢᠬᠦ︾ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤᠨ ᠳᠤ ᠬᠤᠪᠢ

ᠨᠡᠮᠡᠷᠢ ᠪᠠᠨ ᠦᠵᠡᠭᠦᠯᠬᠦ ᠶᠢ ᠵᠣᠷᠢᠭᠵᠢᠭᠤᠯᠪᠠ᠃

     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠧᠩ ᠺᠧ ᠲᠣᠬᠤᠨᠢᠭᠤᠯᠬᠤ ᠳᠤ ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ