ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/23
     1 ᠰᠠᠷ᠎ᠠ ᠶᠢᠨ 22 ᠤᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ᠃     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠭᠧᠨ ᠬᠤ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠳᠡᠭᠡᠷ᠎ᠡ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠶᠠᠩ ᠶᠦᠩ ᠨᠠᠮ ᠤᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠳᠠᠷᠤᠭ᠎ᠠ ᠵᠠᠩ ᠶᠦᠨ ᠭᠤᠤᠯ ᠰᠡᠳᠦᠪᠲᠦ ᠶᠠᠷᠢᠶ᠎ᠠ ᠲᠠᠯᠪᠢᠭᠰᠠᠨ ᠪᠥᠭᠡᠳ 2024 ᠣᠨ ᠤ ᠬᠥᠬᠢᠭᠦᠯᠦᠨ ᠱᠠᠩᠨᠠᠬᠤ ᠨᠡᠷᠡᠰ ᠢ ᠤᠩᠰᠢᠨ ᠨᠡᠶᠢᠲᠡᠯᠡᠵᠦ᠂ ᠵᠡᠪᠰᠡᠭᠲᠦ ᠬᠦᠴᠦᠨ ᠤ ᠠᠵᠢᠯ ᠤᠨ ᠲᠡᠷᠢᠭᠦᠨ ᠤ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃     ᠬᠤᠷᠠᠯ ᠠᠴᠠ᠂ 2024 ᠣᠨ ᠳᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠬᠠᠮᠰᠠᠷ ᠠᠴᠠ ᠪᠠᠨ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠥᠭᠡᠷᠡᠴᠢᠯᠡᠯᠲᠡ ᠬᠥᠭᠵᠢᠯᠲᠡ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠰᠢᠨ᠎ᠡ ᠨᠢᠭᠡ ᠵᠢᠯ ᠳᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠣᠭᠤᠰᠢᠯᠠᠭᠤᠯᠵᠤ᠂ ᠪᠦᠬᠦ ᠲᠠᠯ᠎ᠠ ᠪᠠᠷ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠠᠶᠢᠨ ᠬᠢᠬᠦ ᠬᠡᠯᠪᠡᠷᠢ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠩᠬᠢ ᠶᠢᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠤᠷᠠᠳ ᠤᠨ ᠡᠮᠦᠨᠡᠲᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ  ᠬᠡᠮᠨ᠎ᠡ ᠴᠢᠩᠭᠠᠳᠬᠠᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ