ᠣᠶᠢᠷ᠎ᠠ ᠶᠢᠨ ᠵᠢᠯ ᠤᠨ ᠲᠤᠷᠰᠢ᠂ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠰᠢᠶᠠᠨ ᠹᠧᠩ ᠲᠣᠰᠬᠤᠨ ᠤ ᠨᠠᠮ ᠤᠨ | ᠡᠭᠦᠷ ᠤᠨ ᠱᠦᠵᠢ᠂ ᠲᠣᠰᠬᠤᠨ ᠤ ᠡᠷᠬᠢᠯᠡᠭᠴᠢ ᠬᠠᠨ ᠬᠦᠸᠧ ᠴᠢᠩ ᠵᠢᠴᠢ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠨᠡᠷ ᠪᠦᠬᠦ | ᠵᠣᠷᠢᠭ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠳᠤ ᠣᠷᠣᠯᠴᠠᠵᠤ᠂ ᠰᠢᠶᠠᠨ ᠹᠧᠩ ᠲᠣᠰᠬᠤᠨ ᠤ | ᠬᠥᠭᠵᠢᠯᠲᠡ ᠪᠠ ᠲᠣᠰᠬᠤᠨ ᠤ ᠠᠷᠠᠳ ᠤᠨ ᠵᠣᠯ ᠵᠢᠷᠭᠠᠯᠲᠤ ᠠᠮᠢᠳᠤᠷᠠᠯ ᠳᠤ ᠬᠦᠴᠦᠨ ᠨᠡᠮᠡᠷᠢᠯᠡᠪᠡ᠃ | ᠰᠢᠶᠠᠨ ᠹᠧᠩ ᠲᠣᠰᠬᠤᠨ ᠪᠣᠯ ᠲᠠᠷᠢᠶᠠᠯᠠᠩ ᠢᠶᠠᠷ ᠭᠤᠣᠯ ᠪᠣᠯᠭᠠᠭᠰᠠᠨ ᠲᠣᠰᠬᠤᠨ ᠪᠣᠯᠤᠨ᠎ᠠ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠪᠣᠯ ᠰᠢᠶᠠᠨ ᠹᠧᠩ ᠲᠣᠰᠬᠤᠨ ᠤ ᠨᠠᠮ ᠤᠨ ᠡᠭᠦᠷ ᠤᠨ ᠪᠣᠳᠣᠯᠬᠢᠯᠠᠭᠰᠠᠨ | ᠠᠰᠠᠭᠤᠳᠠᠯ ᠪᠣᠯᠤᠨ᠎ᠠ᠃ 2022 ᠣᠨ ᠳᠤ᠂ ᠮᠤᠵᠢ ᠶᠢᠨ ᠵᠠᠮ ᠤᠨ 215 ᠱᠤᠭᠤᠮ ᠤᠨ ᠲᠥᠷᠥᠯ ᠵᠦᠢᠯ ᠳᠤ ᠪᠠᠯᠠ ᠮᠥᠩᠭᠦ ᠶᠢ ᠢᠳᠡᠪᠬᠢᠲᠡᠶ ᠣᠯᠵᠤ᠂ | ᠬᠤᠷᠰᠢᠶ᠎ᠠ ᠪᠠᠶᠢᠭᠤᠯᠤᠨ᠂ ︽ᠨᠠᠮ ᠤᠨ ᠡᠭᠦᠷ + ᠲᠠᠷᠢᠶᠠᠴᠢᠨ ᠡᠷᠦᠬᠡ + ᠠᠵᠤ ᠠᠬᠤᠶᠢᠯᠠᠯ︾ ᠤᠨ ᠵᠠᠭᠪᠤᠷ ᠢᠶᠠᠷ 45 ᠲᠦᠮᠡᠨ ᠲᠥᠭᠦᠷᠢᠭ ᠤᠨ ᠪᠠᠯᠠ | ᠣᠷᠣᠭᠤᠯᠵᠤ ᠲᠠᠸᠠᠷ ᠤᠨ ᠪᠧᠲ᠋ᠤᠨ ᠤ ᠥᠷᠲᠡᠭᠡ ᠪᠠᠶᠢᠭᠤᠯᠵᠤ᠂ ᠨᠢᠭᠡ ᠵᠢᠯ ᠤᠨ ᠬᠤᠭᠤᠴᠠᠭᠠᠨ ᠳᠤ ᠲᠣᠰᠬᠤᠨ ᠤ ᠬᠠᠮᠲᠤ ᠶᠢᠨ ᠣᠷᠣᠯᠭ᠎ᠠ ᠶᠢ 20 | ᠲᠦᠮᠡᠨ ᠲᠥᠭᠦᠷᠢᠭ ᠨᠡᠮᠡᠭᠳᠡᠭᠦᠯᠪᠡ᠃ 2023 ᠣᠨ ᠳᠤ᠂ ᠰᠢᠶᠠᠨ ᠹᠧᠩ ᠲᠣᠰᠬᠤᠨ ᠳᠡᠭᠡᠳᠦ ᠱᠠᠲᠤᠨ ᠤ ᠪᠠᠯᠠ ᠮᠥᠩᠭᠦ ᠶᠢ ᠴᠢᠷᠮᠠᠶᠢᠨ ᠣᠯᠵᠤ᠂ 876 | ᠲᠦᠮᠡᠨ ᠲᠥᠭᠦᠷᠢᠭ ᠤᠨ ᠪᠠᠯᠠ ᠣᠷᠣᠭᠤᠯᠵᠤ ᠲᠣᠰ ᠲᠣᠰᠬᠤᠨ ᠤ ᠡᠪᠡᠰᠦ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ ᠲᠤᠬᠠᠶ ᠶᠢᠨ | ᠵᠢᠯ ᠳᠤ ᠬᠠᠮᠲᠤ ᠶᠢᠨ ᠠᠵᠤ ᠠᠬᠤᠶ ᠶᠢᠨ ᠣᠷᠣᠯᠭ᠎ᠠ 21 ᠲᠦᠮᠡᠨ ᠲᠥᠭᠦᠷᠢᠭ ᠨᠡᠮᠡᠭᠳᠡᠪᠡ᠃ 2024 ᠣᠨ ᠳᠤ ᠳᠡᠭᠡᠳᠦ ᠱᠠᠲᠤᠨ ᠤ ᠠᠵᠤ ᠦᠢᠯᠡᠰ ᠤᠨ | ᠪᠡᠯᠡ ᠮᠥᠩᠭᠦ ᠶᠢ 482 ᠲᠦᠮᠡᠨ ᠲᠥᠭᠦᠷᠢᠭ ᠭᠤᠶᠤᠴᠢᠯᠠᠵᠤ᠂ ᠥᠪᠡᠷ ᠢᠶᠠᠨ 64 ᠲᠦᠮᠡᠨ ᠲᠥᠭᠦᠷᠢᠭ ᠴᠤᠭᠯᠠᠭᠤᠯᠵᠤ᠂ ᠶᠡᠷᠦᠩᠬᠡᠢ ᠪᠡᠯᠡ | ᠣᠷᠣᠭᠤᠯᠤᠯᠲᠠ 546 ᠲᠦᠮᠡᠨ ᠲᠥᠭᠦᠷᠢᠭ ᠲᠤ ᠬᠦᠷᠴᠦ ᠲᠣᠰᠬᠤᠨ ᠤ ᠰᠤᠯᠠ ᠲᠠᠯᠪᠢᠭᠳᠠᠵᠤ ᠪᠠᠶᠢᠭ᠎ᠠ ᠤᠯᠠᠨ ᠵᠢᠯ ᠤᠨ ᠬᠠᠭᠤᠴᠢᠨ ᠰᠤᠷᠭᠠᠭᠤᠯᠢ ᠶᠢᠨ | ᠪᠠᠶᠢᠷᠢ ᠶᠢ ᠠᠮᠢᠳᠤᠯᠢᠭ ᠪᠣᠯᠭᠠᠵᠤ᠂ ᠨᠡᠷᠡᠨ ᠬᠤᠸᠠᠷ ᠤᠨ ᠥᠩᠭᠡ ᠶᠢᠨ ᠰᠤᠩᠭᠤᠯᠲᠠ ᠶᠢᠨ ᠦᠢᠯᠡᠳᠪᠦᠷᠢ ᠶᠢ ᠪᠡᠯᠡ ᠣᠷᠣᠭᠤᠯᠤᠨ ᠰᠢᠨ᠎ᠡ ᠪᠠᠷ ᠪᠠᠶᠢᠭᠤᠯᠵᠤ᠂ | ᠵᠢᠯ ᠪᠦᠷᠢ 8000 ᠲᠣᠨ ᠢᠳᠡᠰᠢᠨ ᠨᠠᠷᠠᠨ ᠬᠤᠸᠠᠷ ᠪᠣᠯᠪᠠᠰᠤᠷᠠᠭᠤᠯᠵᠤ ᠪᠠᠶᠢᠨ᠎ᠠ᠃ ᠬᠠᠨ ᠬᠦᠸᠧ ᠴᠢᠩ ᠲᠠᠨᠢᠯᠴᠠᠭᠤᠯᠤᠭᠰᠠᠨ ᠨᠢ᠂ ᠨᠢᠳᠤᠨᠤᠨ | ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ | ᠳᠣᠤᠷ᠎ᠠ᠂ ᠲᠣᠰᠬᠤᠨ ᠠᠴᠠ ᠨᠡᠷᠡᠨ ᠬᠤᠸᠠᠷ ᠤᠨ ᠥᠨᠳᠥᠷ ᠤᠨᠠᠯᠲᠠ ᠶᠢᠨ ᠮᠡᠷᠭᠡᠵᠢᠯ ᠢ ᠭᠤᠤᠯᠳᠠᠯᠭ᠎ᠠ ᠲᠠᠢ ᠳᠡᠯᠭᠡᠷᠡᠭᠦᠯᠵᠦ᠂ ᠣᠳᠣᠬᠢᠴᠢᠯᠠᠭᠰᠠᠨ ᠰᠢᠨᠵᠢᠯᠡᠬᠦ | ᠤᠬᠠᠭᠠᠨ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠮᠥ ᠪᠦᠷᠢ ᠶᠢᠨ ᠦᠷ᠎ᠡ ᠴᠢᠬᠢ ᠶᠢ ᠤᠤᠯ ᠤᠨ 1500 ᠰᠠᠭᠤᠷᠢ ᠪᠠᠶᠢᠭᠰᠠᠨ ᠠᠴᠠ 1700 | ᠰᠠᠭᠤᠷᠢ ᠣᠷᠴᠢᠮ ᠪᠣᠯᠭᠠᠨ ᠨᠡᠮᠡᠭᠳᠡᠭᠦᠯᠵᠦ᠂ ᠮᠥ ᠪᠦᠷᠢ ᠶᠢᠨ ᠤᠨᠠᠯᠲᠠ 349 ᠺᠢᠯᠣᠭ᠍ᠷᠠᠮ ᠠᠴᠠ ᠳᠡᠭᠡᠭᠰᠢ ᠳᠤ ᠬᠦᠷᠴᠦ᠂ ᠥᠪᠥᠷ ᠮᠣᠩᠭᠤᠯ ᠤᠨ ᠨᠡᠷᠡᠨ | ᠬᠤᠸᠠᠷ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ ᠬᠡᠪᠡ᠃ | 2024 ᠣᠨ ᠳᠤ᠂ ᠪᠦᠬᠦ ᠲᠣᠰᠬᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠰᠢᠶᠠᠨ ᠹᠧᠩ ᠲᠣᠰᠬᠤᠨ | ᠬᠤᠰᠢᠭᠤᠨ ᠤ ᠲᠡᠰ ᠤᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠᠷ ᠦᠨᠡᠯᠡᠭᠳᠡᠪᠡ᠃ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ | ᠴᠢᠳᠠᠬᠤ ᠦᠭᠡᠢ︾ ᠃ ᠬᠠᠨ ᠭᠦᠸᠧ ᠴᠢᠩ᠂ ᠬᠤᠵᠢᠮ ᠳᠤ᠂ ᠰᠢᠶᠠᠨ ᠹᠧᠩ ᠲᠣᠰᠬᠤᠨ ᠤ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠤᠨ᠎ᠠ | ᠬᠡᠪᠡ᠃ |